| | | 11 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ᠂ ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠨ᠎ᠡ ᠪᠠᠷ ᠨᠡᠮᠡᠭᠳᠡᠭᠰᠡᠨ ᠶᠡᠭᠡ ᠲᠠᠩᠬᠢᠮ ᠪᠠ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠳᠤ ᠨᠢ | ᠭᠦᠢᠴᠡᠳᠬᠡᠬᠦ ᠠᠷᠠᠳ ᠲᠤ ᠦᠢᠯᠡᠴᠢᠯᠡᠬᠦ ᠲᠠᠪᠴᠠᠩ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠶᠦᠨ ᠬᠠᠶ ᠨᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠠᠩᠬᠢᠮ ᠤᠨ ᠬᠤᠪᠢᠶᠠᠷᠢ | ᠲᠣᠭᠤᠷᠢᠭ ᠤᠨ ᠪᠠᠶᠢᠷᠢᠯᠠᠭᠤᠯᠤᠯᠲᠠ᠂ ᠠᠵᠢᠯᠯᠠᠬᠤ ᠣᠷᠴᠢᠨ ᠲᠣᠭᠤᠷᠢᠨ᠂ ᠣᠷᠣᠵᠤ ᠰᠠᠭᠤᠭᠰᠠᠨ ᠬᠥᠮᠦᠰ ᠤᠨ | ᠠᠵᠢᠯ ᠤᠨ ᠪᠠᠶᠢᠳᠠᠯ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠢᠳᠠᠮᠵᠢ ᠶᠢᠨ ᠳᠡᠭᠡᠭᠰᠢᠯᠡᠯᠲᠡ᠂ | ᠪᠠᠶᠢᠭᠤᠯᠭ᠎ᠠ ᠨᠢᠭᠡᠴᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ᠂ | ᠭᠦᠢᠴᠡᠳᠬᠡᠬᠦ ᠶᠠᠪᠤᠴᠠ᠂ ᠭᠦᠢᠴᠡᠳᠬᠡᠬᠦ ᠴᠠᠭ ᠤᠨ ᠬᠢᠵᠠᠭᠠᠷ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ | ᠭᠦᠢᠴᠡᠳᠬᠡᠬᠦ ᠠᠷᠠᠳ ᠲᠤ ᠦᠢᠯᠡᠴᠢᠯᠡᠬᠦ ᠲᠠᠪᠴᠠᠩ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠨ ᠦᠵᠡᠵᠤ᠂ ᠲᠤᠬᠠᠶ ᠶᠢᠨ ᠲᠠᠯᠠᠪᠠᠢ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠬᠠᠷᠢᠭᠤᠴᠠᠯᠭᠠᠲᠠᠨ ᠤ ᠲᠠᠩᠬᠢᠮ ᠤᠨ ᠴᠣᠩᠬᠤᠪᠴᠢ ᠪᠠᠶᠢᠷᠢᠯᠠᠭᠤᠯᠬᠤ᠂ ᠬᠡᠷᠡᠭ ᠶᠠᠪᠤᠳᠠᠯ ᠪᠠ ᠠᠵᠢᠯᠲᠠᠨ ᠣᠷᠣᠵᠤ | ᠰᠠᠭᠤᠬᠤ᠂ ᠪᠢᠴᠢᠭ ᠮᠠᠲ᠋ᠧᠷᠢᠶᠠᠯ ᠭᠦᠢᠴᠡᠳᠬᠡᠬᠦ ᠲᠤᠭ᠎ᠠ ᠬᠡᠮᠵᠢᠶ᠎ᠡ᠂ ᠠᠷᠠᠳ ᠲᠦᠮᠡᠨ ᠳᠤ ᠦᠢᠯᠡᠴᠢᠯᠡᠬᠦ ᠪᠠᠶᠢᠳᠠᠯ | ᠵᠢᠴᠢ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ | ᠶᠦᠨ ᠬᠠᠢ ᠱᠠᠭᠠᠷᠳᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠤᠯᠠᠮ ᠨᠢᠭᠡ | ᠠᠯᠬᠤᠮ ᠪᠤᠢ ᠪᠣᠯᠭᠠᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠨᠠᠷᠢᠨ ᠬᠢᠨᠠᠮᠠᠭᠠᠶ | ᠭᠦᠢᠴᠡᠳᠬᠡᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠶᠡᠬᠡᠪᠡᠷ ᠳᠡᠭᠡᠭᠰᠢᠯᠡᠭᠦᠯᠵᠦ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃ | ᠳᠠᠷᠠᠭ᠎ᠠ ᠨᠢ ᠶᠦᠨ ᠬᠠᠶ ᠨᠠᠷ ᠦᠴᠤᠸᠠᠨ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠤ | ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠪᠠ᠃ ︵ᠰᠤᠷᠪᠤᠯᠵᠢᠯᠠᠭᠴᠢ᠄ ᠭᠦᠸᠧ ᠯᠢ᠂ | ᠴᠧᠨ ᠪᠥᠸᠧ︶ |