ᠸᠠᠩ ᠯᠢ ᠰᠢᠶᠠ᠄ ᠴᠡᠭᠴᠡᠯᠡᠨ ᠰᠠᠶᠢᠵᠢᠷᠠᠭᠤᠯᠬᠤ ᠪᠠᠷ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠵᠦ ︽ᠤᠴᠢᠷ ᠢ ᠰᠢᠢᠳᠪᠦᠷᠢᠯᠡᠬᠦ︾ ᠳᠤ ᠰᠠᠭᠤᠷᠢᠯᠠᠨ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2020/12/7
ᠵᠠᠩ ᠪᠠᠢ ᠴᠧᠩ  ᠯᠥᠸᠧ ᠴᠢᠩ  ᠾᠧ ᠬᠠᠢ ᠳ᠋ᠦᠩ ᠣᠷᠣᠯᠴᠠᠪᠠ      12 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠳᠤ ᠭᠦᠨᠵᠡᠭᠡᠶᠢᠷᠡᠨ ᠵᠢᠭᠠᠵᠤ ᠭᠠᠷᠭᠠᠭᠰᠠᠨ ᠠᠰᠠᠭᠤᠳᠠᠯ ᠵᠢᠴᠢ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠤᠨ ︽ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠥᠰᠦᠯ︾ ᠳᠠᠬᠢ ᠡᠭᠦᠷᠭᠡᠯᠡᠵᠦ ᠪᠠᠶᠢᠭ᠎ᠠ ᠡᠭᠦᠷᠭᠡ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠤᠪᠢ ᠬᠥᠮᠦᠨ ᠤ ᠴᠡᠭᠴᠡᠯᠡᠨ ᠰᠠᠶᠢᠵᠢᠷᠠᠭᠤᠯᠤᠭᠰᠠᠨ ᠵᠦᠢᠯᠡᠰ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠳᠤ ᠭᠦᠨᠵᠡᠭᠡᠶᠢᠷᠡᠵᠦ ᠵᠢᠭᠠᠵᠤ ᠭᠠᠷᠭᠠᠭᠰᠠᠨ ᠠᠰᠠᠭᠤᠳᠠᠯ ᠢ ᠪᠠᠷᠢᠨ ᠲᠤᠤᠷ᠎ᠠ ᠨᠢ ᠥᠭᠡᠷᠡᠴᠢᠯᠡᠭᠰᠡᠨ ᠪᠠᠶᠢᠳᠠᠯ ᠵᠢᠴᠢ ᠮᠠᠨ ᠤ ᠬᠤᠲᠠ ᠳᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠸᠠᠩ ᠯᠢ ᠰᠢᠶᠠ ᠵᠢᠭᠠᠬᠤ ᠳᠠᠭᠠᠨ᠂ ᠡᠨᠡ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠳᠠᠷᠤᠢ ᠲᠥᠪ ᠬᠤᠲᠠ ᠶᠢᠨ ᠦᠨᠳᠦᠰᠦᠲᠡᠨ ᠤ ᠠᠵᠢᠯ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠠᠰᠠᠭᠤᠳᠠᠯ ᠢ ᠭᠦᠨ ᠳᠠᠪᠬᠤᠷᠭ᠎ᠠ ᠠᠴᠠ ᠪᠠᠶᠢᠴᠠᠭᠠᠵᠤ᠂ ᠦᠨᠳᠦᠰᠦᠲᠡᠨ ᠤ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠪᠠᠶᠢᠴᠠᠭᠠᠬᠤ ᠶᠠᠪᠤᠳᠠᠯ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠴᠠᠭ ᠢᠮᠠᠭᠲᠠ ︽ᠬᠤᠶᠠᠷ ᠢ ᠬᠦᠷᠢᠶᠡᠯᠡᠬᠦ︾ ᠥᠨᠳᠦᠷᠴᠡ‌ᠡᠴᠡ ᠴᠡᠭᠴᠡᠯᠡᠨ ᠰᠠᠶᠢᠵᠢᠷᠠᠭᠤᠯᠬᠤ ᠠᠵᠢᠯ ᠳᠤ ᠬᠠᠨᠳᠤᠵᠤ᠂ ᠴᠡᠭᠴᠡᠯᠡᠨ ᠰᠠᠶᠢᠵᠢᠷᠠᠭᠤᠯᠬᠤ ᠦᠨᠡᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠬᠡᠷᠡᠭᠲᠡᠢ᠃ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠳᠡᠭᠡᠷ᠎ᠡ ᠬᠦᠴᠦᠯᠡᠬᠦ ᠬᠡᠷᠡᠭᠲᠡᠢ︔ ᠤᠯᠤᠰ ᠲᠥᠷᠥ ᠶᠢᠨ ᠪᠠᠷᠢᠮᠵᠢᠶ᠎ᠠ ᠶᠢ ᠳᠣᠪᠣᠶᠢᠯᠭᠠᠨ᠂ ᠪᠦᠬᠦ ᠬᠤᠲᠠ ᠶᠢᠨ ᠰᠤᠷᠭᠠᠨ ᠬᠥᠮᠥᠵᠢᠯ ᠤᠨ ᠬᠢᠷᠢ ᠲᠦᠪᠰᠢᠨ ᠪᠠ ᠰᠤᠷᠭᠠᠨ ᠬᠥᠮᠥᠵᠢᠯ ᠤᠨ ᠴᠢᠨᠠᠷ ᠴᠢᠨᠰᠠᠭ᠎ᠠ ᠳᠡᠭᠡᠷ᠎ᠡ ᠬᠦᠴᠦᠯᠡᠬᠦ ᠬᠡᠷᠡᠭᠲᠡᠢ︔ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠨᠠᠶᠢᠳᠠᠪᠤᠷᠢᠵᠢᠭᠤᠯᠬᠤ ᠤᠬᠠᠮᠰᠠᠷ᠂ ᠨᠠᠶᠢᠳᠠᠪᠤᠷᠢᠵᠢᠭᠤᠯᠬᠤ ᠴᠢᠳᠠᠪᠤᠷᠢ᠂  ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠲᠡᠭᠡᠭᠰᠢᠯᠡᠭᠦᠯᠬᠦ ᠳᠡᠭᠡᠷ᠎ᠡ ᠬᠦᠴᠦᠯᠡᠵᠦ᠂ ᠲᠥᠪ ᠤᠨ ᠱᠠᠭᠠᠷᠳᠠᠯᠭ᠎ᠠ  ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ  ᠴᠢᠳᠠᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠬᠤ ᠪᠠᠷ ᠭᠤᠣᠯ ᠰᠢᠵᠢᠮ ᠪᠣᠯᠭᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠦᠨᠳᠦᠰᠦᠲᠡᠨ ᠤ ᠠᠵᠢᠯ ᠢ ᠰᠠᠶᠢᠨ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠮᠠᠨ ᠤ ᠬᠤᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠭᠡᠷ ᠤᠨ ᠰᠤᠷᠪᠤᠯᠵᠢᠯᠠᠭ᠎ᠠ ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠬᠦ᠂ ᠠᠷᠠᠳ ᠤᠨ ᠰᠠᠨᠠᠭ᠎ᠠ ᠶᠢ ᠰᠤᠷᠪᠤᠯᠵᠢᠯᠠᠬᠤ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠶᠢ ᠦᠨᠡᠨᠬᠦ ᠰᠠᠶᠢᠨ ᠬᠢᠵᠦ᠂ ᠵᠥᠷᠢᠴᠡᠯ ᠮᠥᠷᠭᠦᠯᠳᠦᠭᠡᠨ ᠢ ᠡᠬᠢᠯᠡᠬᠦ ᠳᠤ ᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ︽ᠤᠴᠢᠷ ᠢ ᠰᠢᠢᠳᠪᠦᠷᠢᠯᠡᠬᠦ︾ ᠬᠠᠷᠠᠯᠲᠠ ᠳᠤ ᠰᠠᠭᠤᠷᠢᠯᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠭᠦᠨᠵᠡᠭᠡᠢ ᠰᠤᠳᠤᠯᠤᠨ᠂ ᠬᠡᠷᠡᠭᠵᠢᠭᠦᠯᠬᠦ ᠪᠣᠯᠬᠤ ᠲᠥᠷᠥ ᠶᠢᠨ ᠪᠣᠳᠣᠯᠭ᠎ᠠ ᠭᠠᠷᠭᠠᠨ᠂ ᠵᠣᠷᠢᠭᠲᠠᠢ ᠬᠠᠷᠢᠭᠤᠴᠠᠨ ᠠᠵᠢᠯᠯᠠᠵᠤ᠂ ᠬᠦᠴᠦᠨ ᠴᠢᠳᠠᠯ ᠢᠶᠠᠨ ᠲᠥᠪᠯᠡᠷᠡᠭᠦᠯᠦᠨ᠂ ᠪᠦᠬᠦ ᠲᠠᠯ᠎ᠠ ᠪᠠᠷ ᠰᠢᠪᠲᠤᠯᠤᠯᠲᠠ ᠬᠢᠵᠦ᠂ ᠡᠷᠴᠢᠮ ᠢᠶᠠᠨ ᠴᠢᠩᠭᠠᠷᠠᠭᠤᠯᠤᠨ᠂ ᠠᠬᠢᠭᠤᠯᠤᠯᠲᠠ ᠪᠠᠨ ᠲᠦᠷᠭᠡᠳᠬᠡᠵᠦ᠂ ᠰᠢᠢᠳᠪᠦᠷᠢᠯᠡᠬᠦ ᠶᠣᠰᠣᠲᠠᠢ ᠶᠢ ᠳᠣᠣᠷ᠎ᠠ ᠨᠢ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ ᠶᠢ ᠨᠢ ᠬᠤᠷᠳᠤᠨ ᠰᠢᠢᠳᠪᠦᠷᠢᠯᠡᠵᠦ᠂ ᠡᠳᠦᠷ ᠪᠦᠷᠢ ᠰᠢᠨ᠎ᠡ ᠬᠢᠷᠢ ᠪᠦᠲᠦᠮᠵᠢ ᠲᠠᠢ᠂ ᠡᠳᠦᠷ ᠪᠦᠷᠢ ᠰᠢᠨ᠎ᠡ ᠠᠬᠢᠴᠠ ᠲᠠᠢ ᠪᠠᠶᠢᠬᠤ ᠶᠢ ᠪᠠᠲᠤᠯᠠᠨ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ ᠭᠡᠵᠡᠢ᠃      ᠬᠤᠷᠠᠯ ᠢ ᠸᠢᠳᠢᠣ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠾᠧ ᠬᠠᠢ ᠳ᠋ᠦᠩ ᠵᠢᠴᠢ ᠪᠤᠰᠤᠳ ᠪᠠᠶᠢᠩᠭᠤ ᠶᠢᠨ ᠭᠡᠰᠢᠭᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号