ᠸᠠᠩ ᠯᠢ ᠰᠢᠶᠠ ᠭᠤᠣᠯ ᠤᠨ ᠵᠠᠮ ᠢ ᠵᠠᠰᠠᠬᠤ ᠪᠠ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠤᠲᠠ ᠶᠢᠨ ᠲᠣᠭᠤᠷᠢᠭ ᠤᠨ ᠭᠤᠣᠯ ᠤᠨ ᠵᠠᠮ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/12/7
ᠵᠠᠩ ᠪᠠᠢ ᠴᠧᠩ  ᠣᠷᠣᠯᠴᠠᠪᠠ      12 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠠᠭ᠎ᠠ ᠲᠦᠷᠭᠡᠨ ᠭᠤᠣᠯ᠂ ᠶᠡᠭᠡ ᠲᠦᠷᠭᠡᠨ ᠭᠤᠣᠯ ᠤᠨ ᠭᠤᠣᠯ ᠤᠨ ᠵᠠᠮ ᠢ ᠵᠠᠰᠠᠵᠤ ᠪᠠᠶᠢᠭ᠎ᠠ ᠪᠠ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ ᠳᠤ ᠭᠠᠵᠠᠷ ᠰᠣᠩᠭᠤᠵᠤ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠨ᠂ ᠭᠤᠣᠯ ᠤᠨ ᠵᠠᠮ ᠢ ᠵᠠᠰᠠᠬᠤ ᠲᠥᠷᠥᠯ ᠵᠦᠢᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠠᠷᠠᠳ ᠲᠦᠮᠡᠨ ᠤ ᠭᠤᠶᠣ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠠ ᠵᠢᠭᠤᠯᠴᠢᠯᠠᠯ ᠰᠡᠯᠡᠭᠦᠴᠡᠯ ᠵᠡᠷᠭᠡ ᠣᠯᠠᠨ ᠶᠠᠩᠵᠤᠲᠤ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠸᠠᠩ ᠯᠢ ᠰᠢᠶᠠ ᠤᠷᠢᠳ ᠬᠤᠵᠢᠳ ᠪᠠᠭ᠎ᠠ ᠲᠦᠷᠭᠡᠨ ᠭᠤᠣᠯ᠂ ᠶᠡᠭᠡ ᠲᠦᠷᠭᠡᠨ ᠭᠤᠣᠯ ᠤᠨ ᠳᠠᠭᠠᠤ  ᠭᠤᠣᠯ ᠤᠨ ᠵᠠᠮ ᠤᠨ ᠵᠠᠰᠠᠯᠲᠠ ᠬᠠᠮᠢᠶᠠᠷᠤᠯᠲᠠ ᠵᠢᠴᠢ ᠡᠷᠭᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠨᠢ ᠲᠣᠭᠤᠷᠢᠨ ᠪᠠᠶᠢᠴᠠᠭᠠᠵᠤ᠂ ᠴᠡᠷᠢᠭ ᠤᠨ ᠬᠥᠯᠭᠡ ᠴᠡᠴᠡᠷᠯᠢᠭ᠂ ᠣᠨᠴᠠᠯᠢᠭᠲᠤ ᠴᠠᠰᠤ ᠮᠥᠰᠥ ᠵᠡᠷᠭᠡ ᠰᠣᠶᠣᠯ ᠵᠢᠭᠤᠯᠴᠢᠯᠠᠯ ᠤᠨ ᠣᠨᠴᠠᠯᠢᠭᠲᠤ ᠲᠥᠷᠥᠯ ᠵᠦᠢᠯ ᠤᠨ ᠲᠥᠯᠥᠪᠵᠢᠭᠦᠯᠭᠡ᠂ ᠭᠠᠵᠠᠷ ᠰᠤᠩᠭᠤᠯᠲᠠ᠂ ᠪᠦᠲᠦᠭᠡᠨ ᠪᠠᠶᠢᠭᠤᠯᠤᠯᠲᠠ ᠵᠡᠷᠭᠡ ᠳᠤ ᠨᠠᠷᠢᠯᠢᠭ  ᠪᠠᠶᠢᠴᠠᠭᠠᠨ ᠰᠤᠳᠤᠯᠤᠯᠲᠠ ᠬᠢᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠯᠪᠣᠭᠳᠠᠯ ᠪᠦᠬᠦᠢ ᠭᠠᠵᠠᠷ ᠣᠷᠣᠨ ᠬᠢᠭᠡᠳ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠶᠠᠰᠤ ᠴᠢᠨᠠᠷ᠂ ᠥᠨᠳᠥᠷ ᠪᠠᠷᠢᠮᠵᠢᠶ᠎ᠠ ᠪᠠᠷ ᠬᠤᠲᠠ ᠶᠢᠨ ᠲᠣᠭᠤᠷᠢᠭ ᠤᠨ ᠭᠤᠣᠯ ᠤᠨ ᠵᠠᠮ ᠢ ᠵᠠᠰᠠᠬᠤ ᠲᠥᠯᠥᠪᠵᠢᠭᠦᠯᠭᠡ ᠶᠢ ᠲᠦᠷᠭᠡᠳᠬᠡᠵᠦ᠂ ᠭᠤᠣᠯ ᠤᠨ ᠵᠠᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠭᠤᠣᠯ ᠤᠨ ᠵᠠᠮ ᠢ ᠵᠠᠰᠠᠬᠤ ᠶᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠲᠠᠢ ᠤᠶᠠᠯᠳᠤᠭᠤᠯᠵᠤ᠂ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠭᠤᠣᠯ ᠤᠨ ᠬᠤᠶᠠᠷ ᠡᠷᠭᠢ ᠶᠢᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠰᠠᠶᠢᠨ ᠬᠢᠵᠦ᠂ ᠳᠥᠬᠦᠷᠵᠢᠭᠦᠯᠦᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠰᠤ ᠨᠢ ᠲᠤᠩᠭᠠᠯᠠᠭ ᠡᠷᠭᠢ ᠨᠢ ᠨᠣᠭᠤᠭᠠᠨ ᠦᠵᠡᠮᠵᠢ ᠪᠦᠷᠢᠳᠦᠭᠰᠡᠨ ᠪᠠᠶᠢᠭᠠᠯᠢ ᠶᠢᠨ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠵᠤ᠂ ᠵᠠᠬ᠎ᠠ ᠳᠡᠯᠭᠡᠭᠦᠷ ᠪᠠ ᠣᠯᠠᠨ ᠲᠦᠮᠡᠨ ᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠂ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠴᠢᠨᠠᠷ ᠰᠠᠶᠢᠲᠠᠢ ᠬᠥᠭᠵᠢᠯᠲᠡ ᠲᠠᠢ᠂ ᠴᠢᠨᠠᠷ ᠰᠠᠶᠢᠲᠠᠢ ᠠᠮᠢᠳᠤᠷᠠᠯ ᠲᠠᠢ᠂ ᠪᠦᠲᠦᠮᠵᠢ ᠰᠠᠶᠢᠲᠠᠢ ᠵᠠᠰᠠᠯᠲᠠ ᠲᠠᠢ ᠣᠳᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠲᠥᠪ ᠬᠤᠲᠠ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠦ᠋ ᠸᠧᠨ ᠮᠢᠩ᠂ ᠴᠢᠶᠥᠥ ᠶᠦᠨ ᠯᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号