ᠶᠠᠳᠠᠭᠤ ᠶᠢ ᠲᠡᠳᠬᠦᠭᠰᠡᠨ ᠲᠡᠮᠳᠡᠭᠯᠡᠯ
ᠨᠡᠶᠢᠲᠡᠯᠡᠭᠰᠡᠨ ᠴᠠᠭ᠄
2020/12/7
     ᠴᠢᠩ ᠱᠦᠢ ᠾᠧ ᠰᠢᠶᠠᠨ ᠤ ᠯᠣᠣ ᠨᠢᠦ ᠸᠠᠨ ᠪᠠᠯᠭᠠᠰᠤ ᠶᠢᠨ ᠵᠦᠩ ᠽᠦᠢ ᠯᠢᠶᠠᠩ ᠲᠣᠰᠬᠤᠨ ᠤ ︽ᠬᠤᠶᠠᠷ ᠵᠥᠪᠯᠡᠯ︾ ᠬᠢᠭᠡᠳ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯ ᠤᠨ ᠪᠦᠯᠬᠦᠮ ᠨᠢᠭᠲᠠᠷᠠᠨ ᠪᠦᠯᠬᠦᠮᠳᠡᠵᠦ ᠂ ᠨᠢᠭᠡ ᠰᠡᠳᠬᠢᠯ ᠢᠶᠠᠷ ᠬᠠᠮᠲᠤᠷᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠲᠤᠳᠬᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠦᠬᠦ ᠲᠣᠰᠬᠤᠨ ᠤ ᠰᠠᠭᠤᠷᠢ ᠲᠥᠬᠦᠭᠡᠷᠦᠮᠵᠢ ᠢᠯᠡᠳᠲᠡ ᠰᠠᠶᠢᠵᠢᠷᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠰᠠᠶᠢᠵᠢᠷᠠᠵᠠᠢ᠃ ᠲᠣᠰᠬᠤᠨ ᠳᠤ ᠳᠠᠩᠰᠠᠯᠠᠵᠤ ᠺᠠᠷᠲᠯᠠᠭᠰᠠᠨ 11 ᠶᠠᠳᠠᠭᠤ ᠬᠦᠴᠢᠷᠳᠡᠯᠲᠡᠢ ᠡᠷᠦᠬᠡ 25 ᠬᠥᠮᠥᠨ ᠨᠢᠭᠡᠨᠲᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠠᠢ᠃ 2020 ᠣᠨ ᠳᠤ ︽ᠠᠴᠢᠯᠠᠨ ᠲᠡᠳᠬᠦᠵᠦ ᠬᠠᠮᠲᠤᠪᠠᠷ ᠬᠠᠪᠰᠤᠷᠬᠤ︾᠂ ︽ᠭᠤᠷᠪᠠ ᠶᠢ ᠲᠡᠳᠬᠦᠵᠦ ᠭᠤᠷᠪᠠ ᠶᠢ ᠨᠡᠮᠡᠭᠳᠡᠭᠦᠯᠵᠦ ᠭᠤᠷᠪᠠ ᠶᠢ ᠳᠡᠭᠡᠭᠰᠢᠯᠡᠭᠦᠯᠬᠦ︾᠂ ᠮᠢᠬᠠᠨ ᠤ ᠬᠤᠨᠢ ᠲᠡᠵᠢᠭᠡᠬᠦ ᠲᠥᠷᠥᠯ ᠵᠦᠢᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠤ ᠣᠷᠢᠵᠤ ᠬᠡᠷᠡᠭᠯᠡᠬᠦ᠂ ᠣᠨᠴᠠᠯᠢᠭᠲᠤ ᠲᠠᠷᠢᠵᠤ ᠲᠡᠵᠢᠭᠡᠬᠦ ᠱᠠᠩᠨᠠᠯ ᠨᠥᠬᠦᠪᠦᠷᠢ᠂ ᠲᠠᠷᠢᠶᠠᠨ ᠦᠷ᠎ᠡ ᠶᠢᠨ ᠨᠥᠬᠦᠪᠦᠷᠢ᠂ ᠨᠠᠶᠢᠳᠠᠨ ᠲᠡᠵᠢᠭᠡᠵᠦ ᠠᠰᠢᠭ ᠬᠤᠪᠢᠶᠠᠬᠤ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠨᠠᠭᠠᠲᠤ ᠵᠠᠬ᠎ᠠ ᠶᠢ ᠪᠠᠲᠤᠯᠠᠬᠤ᠂ ᠡᠮ ᠡᠮᠨᠡᠯᠭᠡ ᠪᠠᠷ ᠠᠪᠤᠷᠠᠨ ᠲᠤᠰᠠᠯᠠᠬᠤ᠂ ᠳᠠᠭᠠᠳᠬᠠᠯ ᠢ ᠣᠷᠣᠯᠠᠨ ᠲᠤᠰᠢᠶᠠᠬᠤ ᠵᠡᠷᠭᠡ ᠶᠠᠳᠠᠭᠤ ᠶᠢ ᠲᠡᠳᠬᠦᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ ᠡᠷᠦᠭᠡ ᠶᠢᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠥᠪᠡᠷᠲᠡᠭᠡᠨ ᠬᠥᠭᠵᠢᠬᠦ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号