ᠴᠢᠰᠤᠨ ᠰᠤᠳᠠᠯ ᠶᠠᠮᠠᠷ ᠬᠡᠮᠵᠢᠶᠡᠨ ᠳᠤ ᠬᠦᠷᠲᠡᠯ᠎ᠡ ᠲᠦᠭᠵᠢᠷᠠᠪᠠᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖
ᠨᠡᠶᠢᠲᠡᠯᠡᠭᠰᠡᠨ ᠴᠠᠭ᠄
2020/12/7
ᠸᠠᠩ ᠹᠠᠩ      ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠳᠤ ᠨᠡᠷᠪᠡᠭᠳᠡᠬᠦ ᠡᠪᠡᠳᠴᠢᠳᠠᠨ ᠤ ᠨᠣᠷᠮ᠎ᠠ ᠤᠯᠠᠮ ᠠᠴᠠ ᠤᠯᠠᠮ ᠥᠨᠳᠥᠷ ᠪᠣᠯᠵᠣ᠂ ᠡᠪᠡᠳᠴᠢᠯᠡᠬᠦ ᠨᠠᠰᠤ ᠨᠢ ᠴᠤ ᠤᠯᠠᠮ ᠠᠴᠠ ᠤᠯᠠᠮ ᠵᠠᠯᠠᠭᠤᠵᠢᠵᠤ ᠪᠠᠶᠢᠨ᠎ᠠ᠃ ᠲᠢᠲᠢᠮᠯᠢᠭ ᠰᠤᠳᠠᠯ ᠤᠨ ᠴᠢᠰᠤᠨ ᠰᠤᠳᠠᠯ ᠬᠦᠨᠳᠦ ᠬᠡᠴᠡᠭᠦᠦ ᠨᠠᠷᠢᠰᠬᠤ ᠳᠤ ᠬᠦᠷᠪᠡᠯ᠂ ᠲᠤᠯᠤᠬᠴᠢ ᠲᠠᠯᠪᠢᠪᠡᠯ ᠴᠢᠰᠤᠨ ᠰᠤᠳᠠᠯ ᠢ ᠨᠡᠪᠲᠡᠷᠡᠭᠦᠯᠵᠦ ᠴᠢᠰᠤᠨ ᠤ ᠬᠠᠨᠭ᠍ᠭᠠᠯᠳᠠ ᠶᠢ ᠰᠠᠶᠢᠵᠢᠷᠠᠭᠤᠯᠵᠤ᠂ ᠶᠠᠭ ᠲᠦᠭᠵᠢᠷᠡᠭᠰᠡᠨ ᠭᠤᠤᠯ ᠤᠨ ᠤᠰᠤ ᠶᠢ ᠨᠡᠪᠳᠡᠷᠡᠭᠦᠯᠵᠦ᠂ ᠤᠰᠤᠨ ᠤᠷᠤᠰᠬᠠᠯ ᠢ ᠤᠤᠯ ᠤᠨ ᠬᠢ ᠰᠠᠭᠠᠳ ᠥᠬᠡᠶ ᠨᠡᠪᠲᠡᠷᠡᠭᠦᠯᠬᠦ‍ ᠰᠢᠭ ᠪᠤᠯᠳᠠᠭ᠃ ᠭᠡᠪᠡᠴᠦ ᠴᠢᠰᠤᠨ ᠰᠤᠳᠠᠯ ᠶᠠᠮᠠᠷ ᠬᠡᠮᠵᠢᠶᠡᠨ ᠳᠤ ᠬᠦᠷᠲᠡᠯ᠎ᠡ ᠲᠦᠭᠵᠢᠷᠡᠪᠡᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖      ᠣᠳᠣᠬᠠᠨ ᠳᠤ᠂ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠵᠠᠰᠠᠬᠤ ᠠᠷᠭ᠎ᠠ ᠭᠤᠤᠯᠳᠠᠭᠤ ᠭᠤᠷᠪᠠᠨ ᠵᠦᠢᠯ ᠪᠠᠶᠢᠳᠠᠭ᠄ ᠡᠮ ᠢᠶᠠᠷ ᠵᠠᠰᠠᠬᠤ᠂  ᠭᠤᠤᠷᠰᠤᠨ ᠲᠤᠯᠤᠬᠴᠢ ᠲᠠᠯᠪᠢᠬᠤ ᠪᠠ ᠲᠢᠲᠢᠮᠯᠢᠭ ᠯᠤᠬᠰᠢᠭᠤᠨ ᠰᠤᠳᠠᠯ ᠳᠤ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠪᠤᠯᠤᠨ᠎ᠠ᠃ ᠬᠡᠷᠪᠡ ᠲᠦᠷᠭᠡᠨ ᠴᠢᠨᠠᠷᠲᠠᠶ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ᠂ ᠵᠢᠱᠢᠶᠡᠯᠡᠪᠡᠯ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠲᠦᠭᠵᠢᠷᠡᠯ ᠤᠨ ᠡᠪᠡᠳᠴᠢᠨ ᠢ ᠡᠮᠨᠡᠨ ᠵᠠᠰᠠᠬᠤ ᠶᠢᠨ ᠵᠠᠩᠭᠢᠯᠠᠭ᠎ᠠ ᠨᠢ ᠳᠠᠷᠤᠶ  ᠲᠦᠭᠵᠢᠷᠡᠭᠰᠡᠨ ᠲᠢᠲᠢᠮᠯᠢᠭ ᠯᠤᠭᠰᠢᠭᠤᠨ ᠰᠤᠳᠠᠯ ᠢ  ᠲᠦᠷᠭᠡᠨ ᠨᠡᠪᠳᠡᠷᠡᠬᠦᠯᠬᠦ ᠴᠢᠬᠤᠯᠠᠳᠠᠢ ᠲᠤᠯᠠ  ᠭᠤᠤᠷᠰᠤᠨ ᠲᠤᠯᠤᠬᠴᠢ ᠲᠠᠯᠪᠢᠬᠤ ᠪᠣᠯ ᠲᠡᠷᠢᠭᠦᠨ ᠰᠣᠩᠭᠤᠯᠲᠠ ᠪᠣᠯᠤᠨ᠎ᠠ︔ ᠲᠣᠭᠲᠠᠪᠤᠷᠢᠲᠠᠶ ᠴᠢᠨᠠᠷᠳᠠᠢ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠪᠣᠯ ᠦᠨᠡᠯᠡᠬᠦ ᠪᠠᠷᠢᠮᠵᠢᠶ᠎ᠠ ᠨᠢ ᠵᠢᠭᠠᠬᠠᠨ ᠪᠤᠳᠤᠯᠢᠶᠠᠨᠲᠠᠶ ᠪᠠᠶᠢᠳᠠᠭ᠃ ᠡᠩ ᠤᠨ ᠪᠠᠶᠢᠳᠠᠯ ᠲᠤᠤᠷ᠎ᠠ᠂ ᠡᠮᠴᠢ ᠭᠤᠣᠯᠳᠠᠭᠤ ᠳᠣᠣᠷᠠᠬᠢ ᠪᠠᠶᠢᠳᠠᠯ ᠠᠴᠠ ᠭᠤᠤᠷᠰᠤᠨ ᠲᠤᠯᠤᠬᠴᠢ ᠪᠠ ᠬᠦᠬᠦᠷᠭᠡ ᠮᠠᠶ᠋ᠢᠭ ᠤᠨ ᠲᠤᠯᠤᠬᠴᠢ  ᠲᠠᠯᠪᠢᠬᠤ ᠡᠰᠡᠬᠦ ᠶᠢ ᠪᠦᠬᠦ ᠲᠠᠯ᠎ᠠ ᠪᠠᠷ ᠪᠣᠳᠣᠯᠬᠢᠯᠠᠳᠠᠬ᠄      1 . ᠲᠢᠲᠢᠮᠯᠢᠭ ᠯᠤᠬᠰᠢᠭᠤᠨ ᠰᠤᠳᠠᠯ ᠢ ᠰᠡᠭᠦᠳᠡᠷᠯᠡᠬᠦ ᠳᠤ ᠡᠪᠡᠳᠴᠢᠲᠡᠨ ᠤ ᠲᠢᠲᠢᠮᠯᠢᠭ ᠯᠤᠬᠰᠢᠭᠤᠨ ᠰᠤᠳᠠᠯ ᠨᠢ ᠲᠦᠢᠯ ᠤᠨ ᠬᠦᠨᠳᠦ ᠭᠡᠴᠡᠭᠦᠦ ᠨᠠᠷᠢᠰᠤᠬᠰᠠᠨ᠂ ᠳᠠᠷᠤᠢ ᠳ᠋ᠢᠶᠠᠮᠧᠲᠷ ᠨᠢ 2 . 5 ᠮᠢᠯᠢᠮᠧᠲᠷ ᠤᠨ ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 90 % ᠠᠴᠠ ᠬᠡᠲᠦᠷᠡᠭᠰᠡᠨ ᠪᠠᠶᠢᠪᠠᠯ᠂ ᠥᠴᠦᠬᠡᠨ ᠴᠦ ᠲᠠᠲᠠᠭᠠᠯᠵᠠᠯ ᠦᠭᠡᠢ ᠪᠠᠷ ᠲᠤᠯᠤᠬᠴᠢ ᠲᠠᠯᠪᠢᠵᠦ ᠪᠣᠯᠤᠨ᠎ᠠ᠃      2 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 50 % ᠠᠴᠠ ᠳᠣᠷᠤᠬᠰᠢ  ᠪᠠᠶᠢᠬᠤ ᠳᠤ ᠬᠦᠷᠪᠡᠯ᠂ ᠡᠪᠡᠳᠴᠢᠲᠡᠨ ᠳᠤ ᠤᠨᠴᠠ ᠢᠯᠡᠷᠬᠡᠢ ᠰᠢᠨᠵᠢ ᠢᠯᠡᠷᠡᠯ ᠭᠠᠷᠳᠠᠭ ᠦᠭᠡᠢ᠂ ᠡᠨᠡ ᠦᠶ᠎ᠡ ᠳᠤ ᠶᠡᠷᠦ ᠳᠡᠭᠡᠨ ᠲᠤᠯᠤᠬᠴᠢ ᠲᠠᠯᠪᠢᠬᠤ ᠴᠢᠬᠤᠯᠠ ᠦᠭᠡᠢ᠂ ᠭᠡᠪᠡᠴᠦ ᠨᠠᠷᠢᠰᠤᠯ ᠤᠨ ᠬᠤᠪᠢᠷᠠᠯᠲᠠ ᠶᠢᠨ  ᠪᠠᠶᠢᠳᠠᠯ ᠢ  ᠪᠠᠶᠢᠡᠭᠭᠤ ᠠᠵᠢᠬᠯᠠᠬᠤ ᠬᠡᠷᠡᠭᠳᠡᠢ᠃      3 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 70 % ᠣᠷᠴᠢᠮ  ᠪᠠᠶᠢᠬᠤ ᠳᠤ ᠬᠦᠷᠪᠡᠯ᠂ ᠡᠪᠡᠳᠴᠢᠲᠡᠨ ᠤ ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠢ  ᠰᠠᠶᠢᠳᠤᠷ ᠤᠶᠢᠯᠠᠭᠠᠬᠤ ᠬᠡᠷᠡᠭᠲᠡᠢ ᠃ ᠴᠢᠰᠤᠨ ᠰᠤᠳᠠᠯ ᠤᠨ ᠶᠡᠭᠡ ᠪᠠᠭ᠎ᠠ ᠵᠢᠴᠢ ᠡᠪᠡᠳᠴᠢᠨ ᠤ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠡᠮᠨᠡᠬᠦ ᠬᠡᠷᠡᠭᠳᠡᠢ᠂ ᠬᠡᠷᠪᠡ ᠡᠪᠡᠳᠴᠢᠲᠡᠨ ᠳᠤ ᠦᠷᠭᠦᠯᠵᠢ ᠵᠢᠷᠦᠬᠡ ᠪᠠᠵᠠᠯᠠᠨ ᠡᠪᠡᠳᠬᠦ ᠰᠢᠨᠵᠢ  ᠢᠯᠡᠷᠡᠯ ᠭᠠᠷᠬᠤ ᠦᠶ᠎ᠡ ᠳᠤ᠂ ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ᠂ ᠬᠥᠳᠡᠯᠭᠡᠭᠡᠨ ᠤ ᠳᠠᠭᠠᠭᠠᠴᠠ ᠶᠢᠨ ᠲᠤᠷᠰᠢᠯᠲᠠ ᠬᠢᠬᠦ ᠪᠤᠶᠤ ᠲᠢᠲᠢᠮᠯᠢᠭ ᠯᠤᠬᠰᠢᠭᠤᠨ ᠰᠤᠳᠠᠯ ᠢ ᠨᠢ ᠰᠡᠭᠦᠳᠡᠷᠯᠡᠬᠦ ᠳᠡᠭᠡᠨ ᠳᠠᠮᠵᠢᠭᠤᠯᠬᠤ ᠭᠤᠤᠷᠰᠤᠨ ᠳᠣᠲᠣᠷᠠᠬᠢ ᠳᠠᠷᠤᠯᠲᠠ ᠶᠢᠨ ᠬᠤᠪᠢᠷᠠᠯᠲᠠ ᠵᠡᠷᠭᠡ ᠶᠢ ᠰᠢᠭᠤᠳ ᠬᠡᠮᠵᠢᠬᠦ ᠳᠤ ᠬᠦᠷᠪᠡᠯ᠂ ᠴᠦᠮ ᠢᠯᠡᠷᠬᠡᠢ ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠲᠠᠢ ᠪᠠᠶᠢᠳᠠᠭ᠂ ᠡᠨᠡ ᠦᠶ᠎ᠡ ᠳᠤ ᠲᠤᠯᠤᠬᠴᠢ ᠲᠠᠯᠪᠢᠪᠡᠯ ᠵᠤᠬᠢᠨ᠎ᠡ᠃      4 . ᠴᠢᠰᠤᠨ ᠰᠤᠳᠠᠯ ᠲᠦᠭᠵᠢᠷᠡᠬᠦ ᠨᠢ ᠭᠤᠷᠪᠠᠨ ᠰᠠᠯᠪᠤᠷᠢ ᠰᠤᠳᠠᠯ ︵ᠡᠮᠦᠨ᠎ᠡ ᠲᠠᠯ᠎ᠠ ᠶᠢᠨ ᠪᠠᠭᠤᠬᠤ ᠰᠠᠯᠪᠤᠷᠢ ᠰᠤᠳᠠᠯ᠂ ᠡᠷᠭᠢᠯᠳᠤᠬᠦ ᠰᠠᠯᠪᠤᠷᠢ ᠰᠤᠳᠠᠯ ᠪᠠ ᠪᠠᠷᠠᠭᠤᠨ ᠲᠢᠲᠢᠮ︶ ᠤᠨ ᠤᠶᠢᠷᠠᠯᠴᠠᠭ᠎ᠠ ᠳᠤᠮᠳᠠ ᠬᠡᠰᠡᠭ ᠢᠶᠠᠷ ᠡᠪᠡᠳᠴᠢᠨ ᠡᠭᠦᠰᠳᠡᠭ᠂  ᠬᠤᠶᠢᠰᠢᠳᠠ ᠶᠢᠨ ᠨᠥᠯᠥᠭᠡᠯᠠᠯ ᠤᠨ ᠬᠡᠪᠴᠢᠶ᠎ᠡ ᠨᠢ ᠨᠡᠯᠢᠶᠡᠳ ᠶᠡᠭᠡ ᠤᠴᠢᠷ ᠠᠴᠠ ᠲᠤᠯᠤᠬᠴᠢ ᠲᠠᠯᠪᠢᠬᠤ ᠶᠢ ᠪᠣᠳᠣᠯᠬᠢᠯᠠᠬᠤ ᠬᠡᠷᠡᠭᠲᠡᠢ᠃http://mongol.people.com.cn/15831781.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号