ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠰᠠᠭᠠᠯᠢ ᠶᠢᠨ ᠦᠨᠢᠶᠡᠨ ᠤ ᠡᠭᠦᠯᠳᠡᠷ ᠪᠥᠬᠦ ᠤᠯᠤᠰ ᠲᠤ ᠮᠠᠩᠯᠠᠶᠢᠯᠠᠪᠠ
ᠨᠡᠶᠢᠲᠡᠯᠡᠭᠰᠡᠨ ᠴᠠᠭ᠄
2020/12/7
      ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠤᠢ ᠰᠢᠶᠤᠤ ᠯᠠᠨ︶ ᠰᠤᠷᠪᠤᠯᠵᠢᠯᠠᠭᠴᠢ ᠥᠪᠥᠷ ᠮᠣᠩᠭᠤᠯ ᠤᠨ ᠰᠠᠶ ᠺᠧ ᠰᠢᠩ ᠦᠷᠡᠵᠢᠭᠦᠯᠦᠨ ᠪᠤᠶᠢᠵᠢᠭᠤᠯᠬᠤ ᠠᠮᠢᠳᠤ ᠪᠣᠳᠠᠰ ᠤᠨ ᠮᠡᠷᠭᠡᠵᠢᠯ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 30 ᠤ ᠡᠳᠦᠷ᠂ ᠲᠣᠰ ᠺᠣᠮᠫᠠᠨᠢ ᠪᠡᠶ᠎ᠡ ᠪᠠᠨ ᠳᠠᠭᠠᠭᠠᠵᠤ ᠪᠤᠶᠢᠵᠢᠭᠤᠯᠤᠬᠰᠠᠨ᠂ TPI ᠲᠤᠬᠠᠶᠢᠯᠠᠪᠠᠯ ᠶᠡᠷᠦᠩᠬᠡᠶ ᠴᠢᠳᠠᠮᠵᠢ ᠶᠢᠨ ᠵᠢᠭᠠᠯᠲᠠ ᠲᠤᠭ᠎ᠠ ᠨᠢ ᠣᠳᠣᠬᠠᠨ ᠳᠤ ᠤᠯᠤᠰ ᠤᠨ ᠳᠣᠲᠣᠭᠠᠳᠤ ᠳᠤ ᠨᠢᠭᠡᠳᠦᠭᠡᠷ ᠲᠤ ᠵᠢᠭᠰᠠᠭᠠᠭᠳᠠᠵᠤ ᠪᠠᠶᠢᠭ᠎ᠠ ᠣᠯᠠᠨ ᠤᠯᠤᠰ ᠤᠨ ᠳᠠᠩᠰᠠᠯᠠᠭᠤᠯᠤᠭᠰᠠᠨ ᠪᠤᠬ᠎ᠠ 291HO19023 ᠶᠢᠨ ᠢᠴᠡᠭᠡᠯ ᠦᠷ᠎ᠡ ᠶᠢᠨ ᠪᠦᠲᠦᠭᠡᠭᠳᠡᠬᠦᠨ ᠬᠥᠬᠡᠬᠤᠲᠠ ᠳᠤ ᠵᠢᠩᠬᠢᠨᠢ ᠪᠠᠷ ᠤᠯᠠᠨ  ᠲᠠᠢ ᠵᠤᠯᠭᠠᠵᠤ᠂ ᠮᠠᠨ ᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠳᠠᠬᠢᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃      ᠲᠦᠷᠦᠭᠦᠬᠡᠨ ᠠᠮᠧᠷᠢᠺᠠ ᠶᠢᠨ ᠾᠧᠰᠲ᠋ᠠᠨ ᠨᠡᠶᠢᠭᠡᠮᠯᠢᠭ ᠤᠨ ᠨᠡᠶᠢᠲᠡᠯᠡᠭᠰᠡᠨ ᠦᠨᠡᠯᠡᠨ ᠵᠢᠱᠢᠯᠲᠡ ᠶᠢᠨ ᠦᠷ᠎ᠡ ᠳ᠋ᠦᠩ ᠠᠴᠠ ᠦᠵᠡᠪᠡᠯ᠂ ᠰᠠᠢ ᠺᠧ ᠰᠢᠩ ᠪᠦᠯᠦᠭᠯᠡᠯ ᠤᠨ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠬᠤᠶᠠᠷ ᠭᠧᠨ ᠤ ᠪᠦᠯᠦᠭ ᠠᠴᠠ ᠪᠤᠬ᠎ᠠ ᠰᠣᠩᠭᠤᠬᠤ ᠠᠵᠢᠯ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠭᠡᠯ ᠣᠯᠵᠠᠶ᠄ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠳᠤ ᠪᠠᠶᠢᠭ᠎ᠠ ᠠᠮᠧᠷᠢᠺᠠ ᠶᠢᠨ ᠤᠯᠤᠰ ᠤᠨ ᠠᠮᠢᠲᠠᠨ ᠤ ᠡᠭᠦᠯᠳᠡᠷ ᠪᠤᠶᠢᠵᠢᠭᠤᠯᠤᠭᠴᠢ ᠶᠢᠨ ᠨᠡᠶᠢᠭᠡᠮᠯᠢᠭ ᠲᠤ ᠳᠠᠩᠰᠠᠯᠠᠭᠤᠯᠤᠭᠰᠠᠨ ᠪᠤᠬ᠎ᠠ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠪᠦᠷᠢᠳᠬᠡᠯ ᠢ ᠦᠨᠳᠦᠰᠦᠯᠡᠪᠡᠯ᠂ ᠰᠠᠢ ᠺᠧ ᠰᠢᠩ ᠤᠨ 291HO19023 ᠨᠢ TPI = 2895 ᠶᠢᠨ ᠬᠢᠷᠢ ᠪᠦᠲᠦᠮᠵᠢ ᠪᠠᠷ ᠪᠥᠬᠦ ᠤᠯᠤᠰ ᠤᠨ ᠮᠠᠩᠯᠠᠶᠢᠯᠠᠵᠤ᠂ 291HO19020 ᠨᠢ TPI = 2856 ᠶᠢᠨ ᠬᠢᠷᠢ ᠪᠦᠲᠦᠮᠵᠢ ᠪᠠᠷ ᠪᠥᠬᠦ ᠤᠯᠤᠰ ᠤᠨ ᠭᠤᠷᠪᠠᠳᠤᠭᠠᠷ ᠲᠤ ᠵᠢᠭᠰᠠᠭᠠᠭᠳᠠᠵᠠᠶ᠃      ᠪᠤᠬ᠎ᠠ 291HO19023 ᠶᠢᠨ ᠦᠷ᠎ᠡ ᠪᠤᠶᠢᠵᠢᠭᠤᠯᠬᠤ ᠵᠠᠩᠭᠢᠯᠠᠭ᠎ᠠ ᠶᠢᠨ ᠵᠢᠭᠠᠯᠲᠠ ᠲᠤᠭ᠎ᠠ ᠳᠤ ᠢᠯᠡᠷᠡᠭᠦᠯᠦᠭᠰᠡᠨ ᠢᠶᠠᠷ᠄ ᠲᠡᠭᠦᠨ ᠤ ᠰᠦ ᠪᠠᠭᠤᠬᠤ ᠬᠡᠮᠵᠢᠶ᠎ᠡ ᠶᠢᠨ ᠭᠦᠢᠴᠡᠳᠬᠡᠯ ᠲᠤᠭ᠎ᠠ ᠨᠢ ︽+ 1880︾ ᠪᠠᠶᠢᠵᠤ᠂ ᠡᠨᠡᠬᠦ ᠪᠤᠬ᠎ᠠ ᠶᠢᠨ ᠡᠭᠦᠯᠳᠡᠷ ᠪᠦᠭᠦᠢ ᠰᠠᠭᠠᠯᠢ ᠶᠢᠨ ᠦᠨᠢᠶ᠎ᠠ ᠨᠢ ᠨᠢᠭᠡ ᠰᠦ ᠰᠢᠭᠦᠷᠡᠭᠦᠯᠬᠦ ᠬᠤᠭᠤᠴᠠᠭᠠᠨ ᠳᠤ ᠠᠮᠧᠷᠢᠺᠠ ᠶᠢᠨ ᠪᠠᠷᠢᠮᠵᠢᠶ᠎ᠠ ᠰᠦ ᠪᠠᠭᠤᠬᠤ ᠬᠡᠮᠵᠢᠶ᠎ᠠ ᠪᠤᠯᠬᠤ 12244 kg ᠤᠨ ᠰᠠᠭᠤᠷᠢᠨ ᠳᠡᠭᠡᠷ᠎ᠡ ᠪᠠᠰᠠ 1880 ᠫᠦᠨᠲ ᠦᠨᠢᠶᠡᠨ ᠰᠦ ᠢᠯᠡᠭᠦᠦ ᠰᠢᠭᠦᠷᠡᠭᠦᠯᠵᠦ᠂ ᠦᠷ᠎ᠡ ᠠᠰᠢᠭ ᠨᠢ ᠢᠯᠡᠳᠲᠡ ᠨᠡᠮᠡᠭᠳᠡᠭᠰᠡᠨ ᠢ ᠬᠠᠷᠠᠭᠤᠯᠵᠤ ᠪᠠᠶᠢᠨ᠎ᠠ︔ ᠲᠡᠭᠦᠨ ᠤ ᠴᠡᠪᠡᠷ ᠥᠷᠲᠡᠭ ᠨᠢ ︽NM\$+759︾ ᠪᠠᠶᠢᠵᠤ᠂ ᠭᠠᠭᠴᠠ ᠦᠬᠡᠷ ᠤᠨ ᠶᠡᠷᠦᠩᠬᠡᠶᠢᠯᠡᠭᠰᠡᠨ ᠴᠡᠪᠡᠷ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5000 ᠲᠥᠭᠦᠷᠢᠭ ᠠᠷᠠᠳ ᠤᠨ ᠵᠣᠭᠤᠰ ᠨᠡᠮᠡᠭᠳᠡᠵᠦ ᠪᠣᠯᠬᠤ ᠶᠢ ᠬᠠᠷᠠᠭᠤᠯᠵᠤ ᠪᠠᠶᠢᠨ᠎ᠠ᠃      ᠮᠠᠯ ᠤᠨ ᠡᠭᠦᠯᠳᠡᠷ ᠤᠨ ᠡᠬᠢ ᠪᠠᠶᠠᠯᠢᠭ ᠪᠣᠯ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠪᠠ ᠭᠤᠤᠯᠯᠠᠬᠴᠢ ᠥᠷᠢᠰᠥᠯᠳᠦᠬᠦ ᠬᠦᠴᠦᠨ ᠮᠥᠨ᠂ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠶᠢ ᠪᠠᠰᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠬᠦᠰᠡᠯᠡᠩᠲᠦ ᠢᠨᠵᠧᠨᠧᠷᠢᠩ︾ ᠭᠡᠳᠡᠭ᠃ ᠣᠷᠳᠣ ᠬᠤᠭᠤᠴᠠᠭᠠᠨ ᠤ ᠲᠤᠷᠰᠢ᠂ ᠰᠠᠶ ᠺᠧ ᠰᠢᠩ ᠪᠦᠯᠦᠭᠯᠡᠯ ᠡᠭᠦᠯᠳᠡᠷ ᠪᠤᠶᠢᠵᠢᠭᠤᠯᠬᠤ ᠮᠡᠷᠭᠡᠵᠢᠯ ᠢ ᠬᠥᠲᠥᠯᠥᠨ ᠳᠠᠭᠠᠭᠤᠯᠬᠤ᠂ ᠰᠠᠭᠠᠯᠢ ᠶᠢᠨ ᠦᠨᠢᠶᠡᠨ ᠤ ᠦᠷ᠎ᠡ ᠠᠰᠢᠭ ᠢ ᠰᠠᠶᠢᠵᠢᠷᠠᠭᠤᠯᠬᠤ ᠪᠠᠷ ᠡᠭᠦᠷᠭᠡ ᠪᠠᠨ ᠪᠣᠯᠭᠠᠵᠤ᠂ 2010 ᠣᠨ ᠳᠤ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠰᠠᠭᠤᠷᠢᠨ ᠢ ᠪᠠᠶᠢᠭᠤᠯᠤᠭᠰᠠᠨ ᠠᠴᠠ ᠨᠠᠰᠢ᠂ ᠵᠢᠯ ᠪᠦᠷᠢ ᠡᠭᠦᠯᠳᠡᠷ ᠪᠤᠶᠢᠵᠢᠭᠤᠯᠬᠤ ᠵᠠᠷᠤᠳᠠᠯ ᠢ ᠳᠤᠮᠳᠠᠴᠢ ᠪᠠᠷ 1000 ᠲᠦᠮᠡᠨ ᠲᠥᠭᠦᠷᠢᠭ ᠠᠴᠠ ᠳᠡᠭᠡᠭᠰᠢ ᠣᠷᠣᠭᠤᠯᠵᠤ᠂ ᠬᠦᠪᠦᠷᠡᠯ ᠰᠢᠯᠵᠢᠭᠦᠯᠦᠨ ᠪᠤᠶᠢᠵᠢᠭᠤᠯᠬᠤ ᠪᠠᠷ ᠳᠡᠮᠵᠢᠨ ᠪᠡᠯᠡᠳᠬᠡᠯ ᠰᠠᠭᠠᠯᠢ ᠶᠢᠨ ᠦᠨᠢᠶᠡᠨ ᠤ ᠡᠭᠦᠯᠳᠡᠷ ᠤᠨ ᠪᠤᠬ᠎ᠠ ᠶᠢ ᠨᠡᠶᠢᠲᠡ 300 ᠭᠠᠷᠤᠶ ᠶᠢ ᠦᠷᠡᠵᠢᠭᠦᠯᠦᠨ ᠪᠤᠶᠢᠵᠢᠭᠤᠯᠵᠤ᠂ ᠳᠡᠯᠡᠬᠡᠶ ᠶᠢᠨ ᠲᠡᠷᠢᠭᠦᠨ ᠤ ᠤᠳᠤᠮᠯᠠᠯ ᠤᠨ ᠶᠠᠰᠤ ᠴᠢᠨᠠᠷ ᠲᠠᠢ ᠰᠠᠭᠠᠯᠢ ᠶᠢᠨ ᠦᠨᠢᠶᠡᠨ ᠤ ᠡᠭᠦᠯᠳᠡᠷ ᠤᠨ ᠪᠤᠬ᠎ᠠ ᠶᠢ 68 ᠶᠢ ᠰᠢᠯᠢᠨ ᠰᠣᠩᠭᠤᠵᠤ ᠢᠴᠡᠭᠡᠯ ᠦᠷ᠎ᠡ ᠶᠢᠨ ᠦᠢᠯᠡᠳᠪᠦᠷᠢᠯᠡᠯ ᠳᠤ ᠣᠷᠣᠭᠤᠯᠬᠤ ᠶᠢᠨ ᠬᠠᠮᠲᠤ ᠪᠥᠬᠦ ᠭᠧᠨ ᠤ ᠪᠦᠯᠦᠭ ᠤᠨ ᠰᠢᠯᠭᠠᠨ ᠪᠠᠶᠢᠴᠠᠭᠠᠯᠲᠠ ᠵᠢᠴᠢ ᠤᠳᠤᠮᠯᠠᠯ ᠢ ᠦᠨᠡᠯᠡᠨ ᠵᠢᠱᠢᠬᠦ ᠮᠡᠷᠭᠡᠵᠢᠯ ᠢ ᠣᠷᠣᠭᠤᠯᠤᠭᠠᠳ ᠨᠢᠭᠡᠨᠲᠡ ᠮᠠᠨ ᠤ ᠤᠯᠤᠰ ᠤᠨ ᠡᠭᠦᠯᠳᠡᠷ ᠪᠤᠶᠢᠵᠢᠭᠤᠯᠬᠤ ᠬᠠᠮᠤᠭ ᠤᠨ ᠶᠡᠭᠡ ᠲᠠᠪᠴᠠᠩ ᠤᠨ ᠨᠢᠭᠡ ᠪᠣᠯᠤᠭᠰᠠᠨ ᠪᠠᠶᠢᠨ᠎ᠠ᠃http://mongol.people.com.cn/15831773.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号