ᠸᠠᠩ ᠹᠠᠩ | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠳᠤ ᠨᠡᠷᠪᠡᠭᠳᠡᠬᠦ ᠡᠪᠡᠳᠴᠢᠳᠠᠨ ᠤ | ᠨᠣᠷᠮ᠎ᠠ ᠤᠯᠠᠮ ᠠᠴᠠ ᠤᠯᠠᠮ ᠥᠨᠳᠥᠷ ᠪᠣᠯᠵᠣ᠂ ᠡᠪᠡᠳᠴᠢᠯᠡᠬᠦ ᠨᠠᠰᠤ ᠨᠢ ᠴᠤ ᠤᠯᠠᠮ ᠠᠴᠠ ᠤᠯᠠᠮ ᠵᠠᠯᠠᠭᠤᠵᠢᠵᠤ ᠪᠠᠶᠢᠨ᠎ᠠ᠃ ᠲᠢᠲᠢᠮᠯᠢᠭ ᠰᠤᠳᠠᠯ ᠤᠨ | ᠴᠢᠰᠤᠨ ᠰᠤᠳᠠᠯ ᠬᠦᠨᠳᠦ ᠬᠡᠴᠡᠭᠦᠦ ᠨᠠᠷᠢᠰᠬᠤ ᠳᠤ ᠬᠦᠷᠪᠡᠯ᠂ ᠲᠤᠯᠤᠬᠴᠢ ᠲᠠᠯᠪᠢᠪᠡᠯ ᠴᠢᠰᠤᠨ ᠰᠤᠳᠠᠯ ᠢ ᠨᠡᠪᠲᠡᠷᠡᠭᠦᠯᠵᠦ ᠴᠢᠰᠤᠨ ᠤ ᠬᠠᠨᠭ᠍ᠭᠠᠯᠳᠠ ᠶᠢ | ᠰᠠᠶᠢᠵᠢᠷᠠᠭᠤᠯᠵᠤ᠂ ᠶᠠᠭ ᠲᠦᠭᠵᠢᠷᠡᠭᠰᠡᠨ ᠭᠤᠤᠯ ᠤᠨ ᠤᠰᠤ ᠶᠢ ᠨᠡᠪᠳᠡᠷᠡᠭᠦᠯᠵᠦ᠂ ᠤᠰᠤᠨ ᠤᠷᠤᠰᠬᠠᠯ ᠢ ᠤᠤᠯ ᠤᠨ ᠬᠢ ᠰᠠᠭᠠᠳ ᠥᠬᠡᠶ ᠨᠡᠪᠲᠡᠷᠡᠭᠦᠯᠬᠦ ᠰᠢᠭ | ᠪᠤᠯᠳᠠᠭ᠃ ᠭᠡᠪᠡᠴᠦ ᠴᠢᠰᠤᠨ ᠰᠤᠳᠠᠯ ᠶᠠᠮᠠᠷ ᠬᠡᠮᠵᠢᠶᠡᠨ ᠳᠤ ᠬᠦᠷᠲᠡᠯ᠎ᠡ ᠲᠦᠭᠵᠢᠷᠡᠪᠡᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖ | ᠣᠳᠣᠬᠠᠨ ᠳᠤ᠂ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠵᠠᠰᠠᠬᠤ ᠠᠷᠭ᠎ᠠ ᠭᠤᠤᠯᠳᠠᠭᠤ ᠭᠤᠷᠪᠠᠨ ᠵᠦᠢᠯ ᠪᠠᠶᠢᠳᠠᠭ᠄ ᠡᠮ ᠢᠶᠠᠷ | ᠵᠠᠰᠠᠬᠤ᠂ ᠭᠤᠤᠷᠰᠤᠨ ᠲᠤᠯᠤᠬᠴᠢ ᠲᠠᠯᠪᠢᠬᠤ ᠪᠠ ᠲᠢᠲᠢᠮᠯᠢᠭ ᠯᠤᠬᠰᠢᠭᠤᠨ ᠰᠤᠳᠠᠯ ᠳᠤ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠪᠤᠯᠤᠨ᠎ᠠ᠃ ᠬᠡᠷᠪᠡ | ᠲᠦᠷᠭᠡᠨ ᠴᠢᠨᠠᠷᠲᠠᠶ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ᠂ ᠵᠢᠱᠢᠶᠡᠯᠡᠪᠡᠯ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠲᠦᠭᠵᠢᠷᠡᠯ ᠤᠨ | ᠡᠪᠡᠳᠴᠢᠨ ᠢ ᠡᠮᠨᠡᠨ ᠵᠠᠰᠠᠬᠤ ᠶᠢᠨ ᠵᠠᠩᠭᠢᠯᠠᠭ᠎ᠠ ᠨᠢ ᠳᠠᠷᠤᠶ ᠲᠦᠭᠵᠢᠷᠡᠭᠰᠡᠨ ᠲᠢᠲᠢᠮᠯᠢᠭ ᠯᠤᠭᠰᠢᠭᠤᠨ ᠰᠤᠳᠠᠯ ᠢ ᠲᠦᠷᠭᠡᠨ ᠨᠡᠪᠳᠡᠷᠡᠬᠦᠯᠬᠦ ᠴᠢᠬᠤᠯᠠᠳᠠᠢ ᠲᠤᠯᠠ | ᠭᠤᠤᠷᠰᠤᠨ ᠲᠤᠯᠤᠬᠴᠢ ᠲᠠᠯᠪᠢᠬᠤ ᠪᠣᠯ ᠲᠡᠷᠢᠭᠦᠨ ᠰᠣᠩᠭᠤᠯᠲᠠ ᠪᠣᠯᠤᠨ᠎ᠠ︔ ᠲᠣᠭᠲᠠᠪᠤᠷᠢᠲᠠᠶ ᠴᠢᠨᠠᠷᠳᠠᠢ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ | ᠡᠪᠡᠳᠴᠢᠨ ᠢ ᠪᠣᠯ ᠦᠨᠡᠯᠡᠬᠦ ᠪᠠᠷᠢᠮᠵᠢᠶ᠎ᠠ ᠨᠢ ᠵᠢᠭᠠᠬᠠᠨ ᠪᠤᠳᠤᠯᠢᠶᠠᠨᠲᠠᠶ ᠪᠠᠶᠢᠳᠠᠭ᠃ ᠡᠩ ᠤᠨ ᠪᠠᠶᠢᠳᠠᠯ ᠲᠤᠤᠷ᠎ᠠ᠂ ᠡᠮᠴᠢ ᠭᠤᠣᠯᠳᠠᠭᠤ ᠳᠣᠣᠷᠠᠬᠢ ᠪᠠᠶᠢᠳᠠᠯ ᠠᠴᠠ | ᠭᠤᠤᠷᠰᠤᠨ ᠲᠤᠯᠤᠬᠴᠢ ᠪᠠ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠡᠰᠡᠬᠦ ᠶᠢ ᠪᠦᠬᠦ ᠲᠠᠯ᠎ᠠ ᠪᠠᠷ ᠪᠣᠳᠣᠯᠬᠢᠯᠠᠳᠠᠬ᠄ | 1 . ᠲᠢᠲᠢᠮᠯᠢᠭ ᠯᠤᠬᠰᠢᠭᠤᠨ ᠰᠤᠳᠠᠯ ᠢ ᠰᠡᠭᠦᠳᠡᠷᠯᠡᠬᠦ ᠳᠤ ᠡᠪᠡᠳᠴᠢᠲᠡᠨ ᠤ ᠲᠢᠲᠢᠮᠯᠢᠭ ᠯᠤᠬᠰᠢᠭᠤᠨ ᠰᠤᠳᠠᠯ ᠨᠢ ᠲᠦᠢᠯ ᠤᠨ ᠬᠦᠨᠳᠦ ᠭᠡᠴᠡᠭᠦᠦ | ᠨᠠᠷᠢᠰᠤᠬᠰᠠᠨ᠂ ᠳᠠᠷᠤᠢ ᠳ᠋ᠢᠶᠠᠮᠧᠲᠷ ᠨᠢ 2 . 5 ᠮᠢᠯᠢᠮᠧᠲᠷ ᠤᠨ ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 90 % ᠠᠴᠠ | ᠬᠡᠲᠦᠷᠡᠭᠰᠡᠨ ᠪᠠᠶᠢᠪᠠᠯ᠂ ᠥᠴᠦᠬᠡᠨ ᠴᠦ ᠲᠠᠲᠠᠭᠠᠯᠵᠠᠯ ᠦᠭᠡᠢ ᠪᠠᠷ ᠲᠤᠯᠤᠬᠴᠢ ᠲᠠᠯᠪᠢᠵᠦ ᠪᠣᠯᠤᠨ᠎ᠠ᠃ | 2 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 50 % ᠠᠴᠠ ᠳᠣᠷᠤᠬᠰᠢ ᠪᠠᠶᠢᠬᠤ ᠳᠤ ᠬᠦᠷᠪᠡᠯ᠂ ᠡᠪᠡᠳᠴᠢᠲᠡᠨ ᠳᠤ | ᠤᠨᠴᠠ ᠢᠯᠡᠷᠬᠡᠢ ᠰᠢᠨᠵᠢ ᠢᠯᠡᠷᠡᠯ ᠭᠠᠷᠳᠠᠭ ᠦᠭᠡᠢ᠂ ᠡᠨᠡ ᠦᠶ᠎ᠡ ᠳᠤ ᠶᠡᠷᠦ ᠳᠡᠭᠡᠨ ᠲᠤᠯᠤᠬᠴᠢ ᠲᠠᠯᠪᠢᠬᠤ ᠴᠢᠬᠤᠯᠠ ᠦᠭᠡᠢ᠂ ᠭᠡᠪᠡᠴᠦ ᠨᠠᠷᠢᠰᠤᠯ ᠤᠨ | ᠬᠤᠪᠢᠷᠠᠯᠲᠠ ᠶᠢᠨ ᠪᠠᠶᠢᠳᠠᠯ ᠢ ᠪᠠᠶᠢᠡᠭᠭᠤ ᠠᠵᠢᠬᠯᠠᠬᠤ ᠬᠡᠷᠡᠭᠳᠡᠢ᠃ | 3 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 70 % ᠣᠷᠴᠢᠮ ᠪᠠᠶᠢᠬᠤ ᠳᠤ ᠬᠦᠷᠪᠡᠯ᠂ ᠡᠪᠡᠳᠴᠢᠲᠡᠨ ᠤ ᠵᠢᠷᠦᠬᠡᠨ | ᠪᠤᠯᠴᠢᠩ ᠤᠨ ᠴᠢᠰᠤ ᠳᠤᠲᠠᠬᠤ ᠪᠠᠶᠢᠳᠠᠯ ᠢ ᠰᠠᠶᠢᠳᠤᠷ ᠤᠶᠢᠯᠠᠭᠠᠬᠤ ᠬᠡᠷᠡᠭᠲᠡᠢ᠃ ᠴᠢᠰᠤᠨ ᠰᠤᠳᠠᠯ ᠤᠨ ᠶᠡᠭᠡ ᠪᠠᠭ᠎ᠠ ᠵᠢᠴᠢ ᠡᠪᠡᠳᠴᠢᠨ ᠤ ᠪᠠᠶᠢᠳᠠᠯ ᠤᠨ | ᠬᠤᠪᠢᠷᠠᠯᠲᠠ ᠲᠠᠢ ᠤᠶᠠᠯᠳᠤᠭᠤᠯᠤᠨ ᠡᠮᠨᠡᠬᠦ ᠬᠡᠷᠡᠭᠳᠡᠢ᠂ ᠬᠡᠷᠪᠡ ᠡᠪᠡᠳᠴᠢᠲᠡᠨ ᠳᠤ ᠦᠷᠭᠦᠯᠵᠢ ᠵᠢᠷᠦᠬᠡ ᠪᠠᠵᠠᠯᠠᠨ ᠡᠪᠡᠳᠬᠦ ᠰᠢᠨᠵᠢ ᠢᠯᠡᠷᠡᠯ ᠭᠠᠷᠬᠤ ᠦᠶ᠎ᠡ ᠳᠤ | ᠂ ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ᠂ ᠬᠥᠳᠡᠯᠭᠡᠭᠡᠨ ᠤ ᠳᠠᠭᠠᠭᠠᠴᠠ ᠶᠢᠨ ᠲᠤᠷᠰᠢᠯᠲᠠ ᠬᠢᠬᠦ ᠪᠤᠶᠤ ᠲᠢᠲᠢᠮᠯᠢᠭ ᠯᠤᠬᠰᠢᠭᠤᠨ ᠰᠤᠳᠠᠯ ᠢ ᠨᠢ | ᠰᠡᠭᠦᠳᠡᠷᠯᠡᠬᠦ ᠳᠡᠭᠡᠨ ᠳᠠᠮᠵᠢᠭᠤᠯᠬᠤ ᠭᠤᠤᠷᠰᠤᠨ ᠳᠣᠲᠣᠷᠠᠬᠢ ᠳᠠᠷᠤᠯᠲᠠ ᠶᠢᠨ ᠬᠤᠪᠢᠷᠠᠯᠲᠠ ᠵᠡᠷᠭᠡ ᠶᠢ ᠰᠢᠭᠤᠳ ᠬᠡᠮᠵᠢᠬᠦ ᠳᠤ ᠬᠦᠷᠪᠡᠯ᠂ ᠴᠦᠮ ᠢᠯᠡᠷᠬᠡᠢ | ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠲᠠᠢ ᠪᠠᠶᠢᠳᠠᠭ᠂ ᠡᠨᠡ ᠦᠶ᠎ᠡ ᠳᠤ ᠲᠤᠯᠤᠬᠴᠢ ᠲᠠᠯᠪᠢᠪᠡᠯ ᠵᠤᠬᠢᠨ᠎ᠡ᠃ | 4 . ᠴᠢᠰᠤᠨ ᠰᠤᠳᠠᠯ ᠲᠦᠭᠵᠢᠷᠡᠬᠦ ᠨᠢ ᠭᠤᠷᠪᠠᠨ ᠰᠠᠯᠪᠤᠷᠢ ᠰᠤᠳᠠᠯ ︵ᠡᠮᠦᠨ᠎ᠡ ᠲᠠᠯ᠎ᠠ ᠶᠢᠨ ᠪᠠᠭᠤᠬᠤ ᠰᠠᠯᠪᠤᠷᠢ ᠰᠤᠳᠠᠯ᠂ ᠡᠷᠭᠢᠯᠳᠤᠬᠦ ᠰᠠᠯᠪᠤᠷᠢ | ᠰᠤᠳᠠᠯ ᠪᠠ ᠪᠠᠷᠠᠭᠤᠨ ᠲᠢᠲᠢᠮ︶ ᠤᠨ ᠤᠶᠢᠷᠠᠯᠴᠠᠭ᠎ᠠ ᠳᠤᠮᠳᠠ ᠬᠡᠰᠡᠭ ᠢᠶᠠᠷ ᠡᠪᠡᠳᠴᠢᠨ ᠡᠭᠦᠰᠳᠡᠭ᠂ ᠬᠤᠶᠢᠰᠢᠳᠠ ᠶᠢᠨ ᠨᠥᠯᠥᠭᠡᠯᠠᠯ ᠤᠨ ᠬᠡᠪᠴᠢᠶ᠎ᠡ ᠨᠢ | ᠨᠡᠯᠢᠶᠡᠳ ᠶᠡᠭᠡ ᠤᠴᠢᠷ ᠠᠴᠠ ᠲᠤᠯᠤᠬᠴᠢ ᠲᠠᠯᠪᠢᠬᠤ ᠶᠢ ᠪᠣᠳᠣᠯᠬᠢᠯᠠᠬᠤ ᠬᠡᠷᠡᠭᠲᠡᠢ᠃ | http://mongol.people.com.cn/15831781.html | | |