| | | 12 ᠳ᠋ᠤᠭᠠᠷ ᠰᠠᠷ᠎ᠠ ᠶᠢᠨ 5 ᠤ ᠡᠳᠦᠷ᠂ ᠶᠡᠭᠡ ᠴᠠᠰᠤ ᠪᠣᠯᠬᠤ ᠲᠠᠰᠢᠷᠠᠮ᠂ ᠬᠥᠬᠡᠬᠤᠲᠠ ᠶᠢᠨ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠷᠬᠢᠯᠡᠭᠰᠡᠨ ︽ᠪᠣᠳᠠᠰ ᠤᠨ ᠪᠤᠰᠤ ᠰᠣᠶᠣᠯ ᠤᠨ ᠥᠪ ᠡᠮ | ᠡᠮᠨᠡᠯᠭᠡ ᠡᠷᠡᠭᠦᠯ ᠮᠡᠨᠳᠦ ᠶᠢ ᠬᠦᠷᠭᠡᠵᠦ ᠪᠤᠶᠠᠨᠰᠠᠭ ᠰᠡᠳᠬᠢᠯ ᠨᠡᠶᠢᠲᠡ ᠶᠢᠨ ᠬᠠᠯᠠᠮᠵᠢ ᠣᠯᠠᠨ ᠤ ᠰᠡᠳᠬᠢᠯ ᠢ | ᠳᠤᠯᠠᠭᠠᠴᠠᠭᠤᠯᠬᠤ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠰᠠᠷ᠎ᠠ ᠶᠢᠨ ᠠᠯᠪᠠᠨ | ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠶᠢᠨ ᠡᠬᠢᠯᠡᠬᠦ ᠶᠣᠰᠣᠯᠠᠯ ᠢᠦᠢ ᠴᠢᠣᠸᠠᠨ ᠲᠣᠭᠤᠷᠢᠭ ᠤᠨ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ | ᠲᠤᠰ ᠤᠳᠠᠭᠠᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠰᠠᠷ᠎ᠠ ᠶᠢᠨ ᠠᠯᠪᠠᠨ | ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠨᠢ ᠨᠢᠭᠡ ᠰᠠᠷ᠎ᠠ ᠦᠷᠭᠦᠯᠵᠢᠯᠡᠵᠦ᠂ ᠭᠠᠯ ᠤᠨᠲᠠᠷᠠᠭᠠᠭᠴᠢ᠂ ᠪᠠᠭᠰᠢ᠂ | ᠣᠷᠴᠢᠨ ᠲᠣᠭᠤᠷᠢᠨ ᠤ ᠴᠡᠪᠡᠷᠯᠡᠭᠴᠢ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠨᠢᠭᠡᠳᠦᠭᠡᠷ ᠹᠷᠣᠨᠲ ᠳᠡᠭᠡᠷ᠎ᠡ | ᠠᠵᠢᠯᠯᠠᠵᠤ ᠪᠠᠶᠢᠭ᠎ᠠ ᠬᠥᠮᠥᠰ ᠲᠤ ᠲᠥᠯᠥᠪᠦᠷᠢ ᠦᠭᠡᠢ ᠪᠣᠳᠠᠰ ᠤᠨ ᠪᠤᠰᠤ ᠰᠣᠶᠣᠯ ᠤᠨ ᠥᠪ ᠡᠮ ᠡᠮᠨᠡᠯᠭᠡ ᠶᠢᠨ | ᠠᠯᠪᠠᠨ ᠵᠢᠷᠤᠮ ᠤᠨ ᠡᠮᠴᠢᠯᠡᠭᠡ ᠬᠠᠩᠭᠠᠨ᠎ᠠ᠃ ᠠᠯᠪᠠᠨ ᠵᠢᠷᠤᠮ ᠤᠨ ᠡᠮᠴᠢᠯᠡᠭᠡ ᠶᠢᠨ ᠰᠠᠶᠢᠨ ᠳᠤᠷ᠎ᠠ ᠶᠢᠨ ᠪᠠᠭ᠎ᠠ | ᠠᠩᠭᠢ ᠶᠢᠨ ᠬᠢᠨ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ᠂ ᠰᠤᠷᠭᠠᠭᠤᠯᠢ ᠵᠡᠷᠭᠡ ᠭᠠᠵᠠᠷ | ᠣᠷᠣᠨ ᠢᠶᠠᠷ ᠬᠦᠷᠴᠦ᠂ ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠦᠨ᠂ | ᠥᠷᠭᠡᠨ ᠣᠯᠠᠨ ᠲᠦᠮᠡᠨ ᠳᠤ ᠬᠢᠲᠠᠳ ᠡᠮ ᠡᠮᠨᠡᠯᠭᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠣᠳᠠᠰ ᠤᠨ ᠪᠤᠰᠤ | ᠰᠣᠶᠣᠯ ᠤᠨ ᠥᠪ ᠢ ᠤᠬᠠᠭᠤᠯᠬᠤ ᠪᠣᠯᠣᠨ᠎ᠠ᠃ ᠰᠤᠷᠪᠤᠯᠵᠢᠯᠠᠭᠴᠢ ᠮᠢᠶᠥᠥ ᠴᠢᠩ ᠰᠡᠭᠦᠳᠡᠷᠯᠡᠪᠡ |