︵ᠰᠤᠷᠪᠤᠯᠵᠢᠯᠠᠭᠴᠢ ᠸᠠᠩ ᠵᠦᠩ ᠵᠸᠦ︶ 12 ᠳ᠋ᠤᠭᠠᠷ ᠰᠠᠷ᠎ᠠ ᠶᠢᠨ 4 ᠤ ᠡᠳᠦᠷ᠂ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠲᠠ ᠶᠢᠨ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ | ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠠᠯᠪᠠᠨ ᠭᠡᠷ᠂ ᠬᠤᠲᠠ ᠶᠢᠨ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠯᠢᠦ ᠯᠢᠦ ᠱᠢ ᠭᠤᠸᠠᠩ ᠣᠷᠴᠢᠨ ᠲᠣᠭᠤᠷᠢᠨ ᠢ ᠬᠠᠮᠠᠭᠠᠯᠠᠬᠤ | ᠦᠢᠯᠡᠳᠦᠯᠭᠡ ᠶᠢᠨ ᠨᠡᠶᠢᠭᠡᠮ ᠤᠨ ᠪᠦᠯᠬᠦᠮ ᠲᠠᠢ ᠬᠠᠮᠲᠤᠷᠠᠨ ᠴᠡᠯᠡᠭᠡᠷ ᠲᠠᠯ᠎ᠠ ᠪᠠᠭ᠎ᠠ ᠰᠤᠷᠭᠠᠭᠤᠯᠢ ᠳᠤ ︽ᠬᠤᠭ | ᠨᠣᠪᠰᠢ ᠴᠦ ᠡᠷᠳᠡᠨᠢ ᠮᠥᠨ ᠲᠥᠷᠥᠯ ᠬᠤᠪᠢᠶᠠᠪᠠᠯ ᠨᠡᠩ ᠠᠷᠢᠭᠤᠨ ᠴᠡᠪᠡᠷ ᠪᠣᠯᠣᠨ᠎ᠠ︾ — ᠬᠠᠶᠠᠭᠳᠠᠮᠠᠯ | ᠬᠠᠭᠤᠴᠢᠨ ᠡᠳ᠋ ᠢ ᠳᠠᠬᠢᠨ ᠠᠰᠢᠭᠯᠠᠵᠤ᠂ ᠡᠯᠡᠰᠦᠨ ᠯᠣᠩᠬᠤᠨ ᠵᠢᠷᠤᠭ ᠵᠢᠷᠤᠬᠤ ᠪᠠᠷ ᠭᠤᠣᠯ ᠰᠡᠳᠦᠪ ᠪᠣᠯᠭᠠᠭᠰᠠᠨ | ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ ᠳᠦᠷᠰᠦ ᠪᠢᠴᠢᠯᠭᠡ᠂ ᠵᠢᠷᠤᠭ᠂ ᠮᠡᠳᠡᠯᠭᠡ ᠶᠢᠨ ᠤᠷᠤᠯᠳᠤᠭᠠᠨ ᠵᠡᠷᠭᠡ ᠠᠳᠠᠯᠢ ᠪᠤᠰᠤ ᠠᠷᠭ᠎ᠠ | ᠬᠡᠯᠪᠡᠷᠢ ᠪᠠᠷ ᠰᠤᠷᠤᠭᠴᠢᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ | ᠬᠠᠮᠲᠤ᠂ ᠰᠤᠷᠤᠭᠴᠢᠳ ︽ᠣᠶᠣᠨᠴᠢ ᠬᠤᠭ ᠤᠨ ᠰᠠᠪᠠ︾ ᠪᠣᠯᠵᠤ ᠬᠤᠭ ᠨᠣᠪᠰᠢ ᠶᠢ ᠢᠯᠭᠠᠬᠤ ᠵᠡᠷᠭᠡ ᠠᠯᠢ | ᠤᠯᠠᠨ ᠨᠠᠭᠠᠳᠤᠮ ᠤᠨ ᠭᠤᠭᠴᠤᠭ᠎ᠠ ᠪᠠᠷ ᠲᠠᠮᠵᠢᠭᠤᠯᠤᠨ ᠲᠡᠳᠡᠨ ᠤ ᠬᠤᠭ ᠨᠣᠪᠰᠢ ᠶᠢ ᠲᠥᠷᠥᠯ ᠬᠤᠪᠢᠶᠠᠬᠤ | ᠲᠠᠨᠢᠯᠲᠠ ᠶᠢ ᠨᠢ ᠭᠦᠨᠵᠡᠭᠡᠶᠢᠷᠡᠭᠦᠯᠪᠡ᠃ |