ᠰᠢᠨᠬᠤᠸᠠ ᠬᠤᠷᠢᠶᠠᠨ ᠤ ᠦᠬᠠᠨ ᠤ 12 ᠰᠠᠷ᠎ᠠ ᠶᠢᠨ 4 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠤᠢ | ᠵᠦ᠋ᠧᠠᠩ᠂ ᠬᠤ᠋ ᠬᠤᠤ︶ ᠣᠶᠢᠷ᠎ᠠ ᠶᠢᠨ ᠵᠢᠯ ᠤᠳ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠵᠠᠰᠠᠯᠲᠠ ᠶᠢ ᠱᠠᠯᠠᠪᠳᠠᠨ ᠠᠬᠢᠭᠤᠯᠤᠭᠰᠠᠨ ᠪᠣᠯᠪᠠᠴᠤ ᠬᠤᠭᠤᠴᠠᠭ᠎ᠠ ᠠᠴᠠ ᠬᠡᠲᠦᠷᠡᠭᠦᠯᠦᠨ | ᠰᠦᠢᠳᠬᠡᠯ ᠬᠤᠷᠢᠶᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠵᠣᠭᠤᠰ ᠮᠡᠭᠡᠯᠡᠨ ᠲᠤᠳᠠᠭᠠᠬᠤ ᠵᠡᠷᠭᠡ | ᠠᠰᠠᠭᠤᠳᠠᠯ ᠮᠥᠨ ᠯᠡ ᠪᠠᠶᠢᠨ ᠲᠠᠬᠢᠨ ᠭᠠᠷᠴᠤ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ | ᠲᠠᠰᠤᠬ ᠬᠡᠯᠳᠡᠰ ᠤᠨ ᠬᠠᠷᠢᠭᠤᠴᠠᠯᠭᠠᠲᠠᠨ 12 ᠰᠠᠷ᠎ᠠ ᠶᠢᠨ 4 ᠤ ᠡᠳᠦᠷ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠳᠤ ᠰᠠᠨᠠᠭᠤᠯᠬᠤ ᠳᠠᠭᠠᠨ᠂ ᠰᠣᠬᠤᠷ ᠪᠠᠯᠠᠶ ᠪᠠᠷ ᠠᠰᠢᠭ ᠬᠥᠭᠡᠭᠡᠴᠡᠯᠳᠦᠠ ᠰᠣᠬᠤᠷ | ᠪᠠᠯᠠᠶ ᠪᠠᠷ ᠥᠷᠭᠡᠳᠭᠡᠵᠦ᠂ ᠬᠡᠷ ᠤᠨ ᠠᠬᠠᠮᠠᠳ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ᠠᠶᠤᠯ | ᠲᠦᠭᠰᠢᠭᠦᠷᠢ ᠶᠢ ᠡᠭᠦᠷᠭᠡᠯᠡᠭᠦᠯᠵᠦ ᠪᠣᠯᠬᠤ ᠥᠬᠡᠶ ᠭᠡᠪᠠ᠃ | ᠲᠣᠰ ᠡᠳᠦᠷ ᠬᠤᠪᠧᠶ ᠶᠢᠨ ᠦᠬᠠᠨ ᠳᠤ ᠬᠤᠷᠠᠯᠳᠤᠭᠤᠯᠤᠭᠰᠠᠨ ᠪᠥᠬᠦ ᠤᠯᠤᠰ ᠤᠨ ᠪᠣᠯᠪᠠᠰᠤᠷᠠᠯ | ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ | ᠬᠥᠮᠦᠵᠢᠯ ᠤᠨ ᠵᠤᠷᠭᠠᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠬᠢᠭᠡᠳ ᠪᠣᠯᠪᠠᠰᠤᠷᠠᠯ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠰᠢᠤᠢ ᠫᠠᠨ ᠬᠡᠯᠡᠬᠦ ᠳᠡᠭᠡᠨ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠤᠭᠠᠳ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠵᠠᠷᠢᠮ | ᠪᠠᠶᠢᠭᠤᠯᠤᠮᠵᠢ ᠮᠥᠨ ᠯᠡ ᠲᠣᠭᠲᠠᠭᠠᠯ ᠠᠴᠠ ᠵᠥᠷᠢᠴᠡᠨ ᠡᠵᠡᠩᠨᠡᠵᠦ᠂ ᠬᠤᠭᠤᠴᠠᠭ᠎ᠠ ᠬᠡᠲᠦᠷᠡᠭᠦᠯᠦᠨ ᠰᠦᠢᠳᠬᠡᠯ | ᠬᠤᠷᠢᠶᠠᠵᠤ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠵᠣᠭᠤᠰ ᠮᠡᠭᠡᠯᠡᠨ ᠲᠤᠳᠠᠭᠠᠵᠤ ᠪᠠᠶᠢᠭ᠎ᠠ ᠵᠡᠷᠭᠡ ᠦᠵᠡᠭᠲᠡᠯ ᠢ | ᠴᠠᠭᠠᠵᠠᠯᠠᠵᠤ ᠪᠠᠶᠢᠪᠠᠴᠤ ᠮᠦᠨ ᠯᠡ ᠵᠤᠬᠰᠤᠬᠤ ᠦᠭᠡᠢ ᠪᠠᠶᠢᠨ᠎ᠠ᠂ ᠣᠨᠴᠠ ᠵᠠᠷᠢᠮ ᠪᠠᠶᠢᠭᠤᠯᠤᠮᠵᠢ ᠨᠢ ᠴᠢᠨᠠᠭᠰᠢᠯᠠᠪᠠᠯ | ᠬᠠᠤᠯᠢ ᠶᠢ ᠵᠥᠷᠢᠴᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠦᠬᠦᠯᠢ ᠡᠳᠦᠷ ᠤᠨ ᠳᠦᠷᠢᠮᠲᠦ | ᠪᠣᠯᠪᠠᠰᠤᠷᠠᠯ ᠡᠷᠭᠢᠯᠡᠵᠦ᠂ ᠲᠦᠢᠯ ᠤᠨ ᠮᠠᠭᠤ ᠨᠥᠯᠥᠭᠡ ᠭᠠᠷᠭᠠᠵᠤ᠂ ᠰᠤᠷᠭᠠᠨ ᠬᠥᠮᠦᠵᠢᠯ ᠤᠨ ᠡᠮᠬᠢ ᠵᠢᠷᠤᠮ ᠢ | ᠰᠠᠮᠠᠭᠤᠷᠠᠭᠤᠯᠵᠤ᠂ ᠠᠵᠢᠯ ᠲᠥᠷᠥᠯ ᠤᠨ ᠳᠦᠷᠢ ᠲᠥᠷᠬᠦ ᠶᠢ ᠡᠪᠳᠡᠵᠦ ᠪᠤᠢ᠃ ᠣᠯᠠᠨ ᠤ ᠤᠬᠠᠭᠠᠨ ᠬᠠᠮᠲᠤ ᠶᠢᠨ | ᠬᠦᠴᠦᠨ ᠢᠶᠠᠷ ᠤᠯᠠᠮ ᠨᠢᠭᠡ ᠠᠯᠬᠤᠮ ᠵᠢᠷᠤᠮᠵᠢᠭᠤᠯᠬᠤ ᠶᠠᠪᠤᠳᠠᠯ ᠲᠤᠯᠭᠠᠮ᠎ᠠ ᠱᠠᠭᠠᠷᠳᠠᠬᠳᠠᠵᠤ ᠪᠤᠢ ᠬᠡᠪᠡ᠃ | ᠰᠢᠤᠢ ᠫᠠᠨ᠄ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠬᠤ ᠳᠤ | ᠪᠣᠯᠪᠠᠰᠤᠷᠠᠯ ᠤᠨ ᠪᠠᠶᠢᠭᠤᠯᠤᠮᠵᠢ ᠶᠢᠨ ᠲᠣᠰ ᠪᠡᠶ᠎ᠡ ᠶᠢᠨ ᠴᠢᠷᠮᠠᠶᠢᠯᠭ᠎ᠠ ᠨᠠᠩ ᠱᠠᠭᠠᠷᠳᠠᠭᠳᠠᠨ᠎ᠠ︾ ᠭᠡᠪᠡ᠃ | ᠲᠡᠷᠡ ᠬᠡᠯᠡᠬᠦ ᠳᠡᠭᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠰᠤᠷᠭᠠᠨ | ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠬᠤ ᠬᠡᠷᠡᠭᠲᠡᠶ᠂ ᠠᠵᠤ ᠠᠬᠤᠶ ᠶᠢᠨ ᠠᠰᠢᠭ | ᠲᠤᠰᠠ ᠳᠤ ᠬᠥᠲᠥᠯᠦᠭᠳᠡᠵᠤ ᠬᠡᠷ ᠤᠨ ᠠᠬᠠᠮᠠᠳ ᠢ ᠮᠡᠬᠡᠯᠡᠨ ᠬᠤᠭᠤᠴᠠᠭ᠎ᠠ ᠬᠡᠲᠦᠷᠡᠭᠦᠯᠦᠨ ᠰᠦᠢᠳᠬᠡᠯ ᠲᠤᠰᠢᠶᠠᠯᠭᠠᠵᠤ | ᠪᠣᠯᠬᠤ ᠥᠬᠡᠶ᠂ ᠰᠣᠬᠤᠷ ᠪᠠᠯᠠᠶ ᠪᠠᠷ ᠠᠰᠢᠭ ᠬᠥᠭᠡᠭᠡᠴᠡᠯᠳᠦᠵᠦ᠂ ᠦᠨ᠎ᠡ ᠬᠠᠩᠰᠢ ᠶᠢ ᠳᠤᠷ᠎ᠠ ᠪᠠᠷ ᠢᠶᠠᠨ ᠥᠰᠬᠡᠵᠦ | ᠪᠣᠯᠬᠤ ᠥᠬᠡᠶ᠂ ᠪᠣᠳᠠᠲᠤ ᠪᠠᠶᠢᠳᠠᠯ ᠢ ᠬᠠᠶᠢᠬᠤᠷᠬᠤ ᠥᠬᠡᠶ ᠪᠠᠷ ᠰᠣᠬᠤᠷ ᠪᠠᠯᠠᠶ ᠪᠠᠷ ᠥᠷᠭᠡᠳᠬᠡᠵᠦ᠂ ᠬᠡᠷ ᠤᠨ | ᠠᠬᠠᠮᠠᠳ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠡᠭᠦᠷᠭᠡᠯᠡᠭᠦᠯᠵᠦ ᠪᠤᠯᠬᠤ ᠦᠭᠡᠢ᠃ | ᠨᠢᠭᠡ ᠯᠡ ᠤᠳᠠᠭ᠎ᠠ ᠶᠢᠨ ᠴᠢᠨᠠᠷᠲᠠᠶ ᠰᠦᠢᠳᠬᠡᠯ ᠬᠤᠷᠢᠶᠠᠯᠲᠠ ᠶᠢ ᠭᠤᠷᠪᠠᠨ ᠰᠠᠷ᠎ᠠ ᠠᠴᠠ ᠬᠡᠲᠦᠷᠡᠭᠦᠯᠵᠦ ᠪᠣᠯᠬᠤ | ᠥᠬᠡᠶ ᠭᠡᠰᠡᠨ ᠤᠯᠤᠰ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠣᠲᠣ ᠦᠶ᠎ᠡ ᠶᠢᠨ ᠮᠡᠷᠭᠡᠵᠢᠯ ᠢ ᠬᠡᠷᠡᠭᠯᠡᠨ | ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠪᠤᠶᠤ | ᠠᠯᠬᠤᠮ ᠠᠯᠬᠤᠮ ᠢᠶᠠᠷ ᠪᠠᠭᠤᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠭᠤᠯᠤᠭᠳᠠᠬᠤᠨ ᠤ ᠪᠠᠶᠢᠭᠤᠯᠤᠯᠲᠠ ᠶᠢ | ᠴᠢᠬᠤᠯᠠᠴᠢᠯᠠᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠪᠠᠰᠠ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠠᠵᠢᠯ ᠲᠦᠷᠦᠯ ᠤᠨ ᠡᠮᠬᠢ ᠵᠢᠷᠤᠮ ᠢ ᠬᠠᠮᠠᠭᠠᠯᠠᠨ᠂ ᠬᠡᠦᠬᠡᠳ ᠤᠨ ᠡᠷᠡᠭᠦᠯ ᠢᠶᠠᠷ | ᠦᠰᠦᠨ ᠪᠤᠶᠢᠵᠢᠬᠤ ᠳᠤ ᠦᠨᠡᠨ ᠬᠦ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠪᠡ᠃ | http://mongol.people.com.cn/15832003.html |