ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠥᠷᠢ ᠳᠠᠭᠠᠳᠬᠠᠯ ᠤᠨ ᠲᠤᠷᠰᠢᠯᠲᠠ ᠶᠢᠨ ᠲᠥᠷᠥᠯ ᠵᠦᠢᠯ ᠪᠤᠭᠤᠲᠤ ᠬᠤᠳᠠ ᠳᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2020/12/8
      ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠾᠦᠸᠧ ᠰᠢᠶᠤᠤ ᠴᠢᠩ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ ᠲᠤᠷᠰᠢᠯᠲᠠ ᠶᠢᠨ ᠲᠥᠷᠥᠯ ᠵᠦᠢᠯ ᠪᠤᠭᠤᠲᠤ ᠬᠤᠲᠠ ᠳᠤ ᠠᠵᠢᠯ ᠡᠬᠢᠯᠡᠪᠡ᠃ ᠲᠥᠷᠥᠯ ᠵᠦᠢᠯ ᠳᠤ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠥᠷᠢ ᠳᠠᠭᠠᠳᠬᠠᠯ ᠤᠨ ᠳᠦᠷᠢᠮ ᠢ ᠪᠠᠶᠢᠭᠤᠯᠬᠤ ᠪᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠦᠢᠯᠡᠴᠢᠯᠡᠭᠡ ᠳᠤ ᠣᠷᠣᠯᠴᠠᠭᠤᠯᠤᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠤᠯᠠᠨ ᠲᠡᠰ ᠲᠠᠪᠬᠤᠷᠭᠠᠳᠤ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠂ ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ ᠬᠥᠩᠭᠡᠷᠡᠭᠦᠯᠪᠠ᠃      ᠣᠶᠢᠯᠠᠭᠠᠭᠰᠠᠨ ᠢᠶᠠᠷ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠪᠤᠭᠤᠲᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠭᠡᠳ ᠴᠣᠷ ᠤᠨ ᠭᠠᠭᠴᠠ ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠰᠢᠨ᠎ᠡ ᠵᠠᠭᠪᠤᠷ ᠢ ᠥᠷᠨᠢᠭᠦᠯᠬᠦ ᠲᠤᠷᠰᠢᠯᠲᠠ ᠶᠢᠨ ᠬᠤᠲᠠ ᠪᠠᠷ ᠲᠣᠭᠲᠠᠭᠠᠪᠠ᠃ ᠪᠤᠭᠤᠲᠤ ᠬᠤᠲᠠ ᠶᠢᠨ ᠬᠢᠨ ᠲᠡᠷᠢᠭᠦᠨ ᠤ ᠬᠤᠲᠠ ᠶᠢᠨ ᠲᠤᠷᠰᠢᠯᠭ᠎ᠠ ᠶᠢ ᠰᠤᠷᠤᠯᠴᠠᠨ ᠲᠤᠯᠢᠯᠠᠬᠤ ᠪᠠᠷ ᠳᠠᠮᠵᠢᠭᠤᠯᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠪᠡ᠃ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠲᠠᠢ ︽ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠲᠣᠭᠲᠠᠵᠤ᠂ ︽ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠂ ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ᠂ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠥᠷᠢ ᠥᠭᠬᠦ︾ ᠭᠤᠷᠪᠠ ᠶᠢ ᠨᠢᠭᠡ ᠴᠤᠬᠴᠠᠵᠢᠭᠤᠯᠤᠬᠰᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠦᠯᠦᠪᠵᠢᠭᠦᠯᠭᠦ ᠬᠠᠮᠢᠶᠠᠷᠤᠯᠲᠠ ᠳᠤ ᠣᠷᠣᠭᠤᠯᠤᠭᠰᠠᠨ ᠠᠵᠢᠯᠲᠠᠨ ᠠᠵᠢᠯᠴᠢᠨ ᠤ ᠳᠠᠭᠠᠳᠬᠠᠯ ᠤᠨ ᠬᠤᠭᠤᠴᠠᠭᠠᠨ ᠳᠤ ᠪᠤᠶ ᠪᠣᠯᠤᠭᠰᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠣᠯᠭᠤᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠢ ᠲᠠᠭᠠᠭᠠᠨ ᠬᠦᠢᠴᠡᠳᠭᠡᠵᠦ ᠪᠠᠶᠢᠭ᠎ᠠ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠠᠴᠠ ᠠᠵᠢᠯ ᠠᠴᠠ ᠪᠤᠯᠵᠤ ᠬᠡᠮᠳᠦᠭᠰᠡᠨ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠬᠤᠭᠤᠯᠠᠨ ᠤ ᠨᠦᠬᠦᠪᠦᠷᠢ ᠵᠠᠷᠤᠳᠠᠯ᠂ ᠠᠮᠢᠳᠤᠷᠠᠯ ᠤᠨ ᠰᠤᠪᠢᠯᠠᠯᠲᠠ ᠶᠢᠨ ᠵᠠᠷᠤᠳᠠᠯ᠂ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠵᠠᠷᠤᠳᠠᠯ᠂ ᠵᠡᠮᠳᠡᠭ ᠤᠨ ᠨᠡᠮᠡᠭᠦᠷᠢ ᠮᠦᠡᠭᠭᠦ᠂ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠲᠡᠳᠭᠦᠮᠵᠢ ᠶᠢᠨ ᠮᠥᠩᠭᠦ ᠶᠢ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠬᠡᠷᠡᠭᠵᠢᠭᠦᠯᠬᠦ ᠠᠷᠭ᠎ᠠ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠳᠡᠭᠡᠭᠰᠢᠯᠡᠭᠦᠯᠦᠨ᠎ᠡ᠃ ᠳᠠᠭᠠᠳᠬᠠᠬᠤ ᠰᠦᠢᠳᠬᠡᠯ ᠢ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠮᠥᠩᠭᠦ ᠪᠠᠷ ᠵᠣᠬᠢᠬᠤ ᠬᠠᠷᠢᠴᠠᠯ ᠢᠶᠠᠷ ᠴᠤᠭᠯᠠᠭᠤᠯᠵᠤ᠂ ᠬᠥᠮᠦᠨ ᠬᠡᠷᠡᠭᠯᠡᠬᠦ ᠨᠢᠭᠡᠴᠡ ᠵᠢᠴᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠰᠲᠠᠭᠠᠨ ᠰᠦᠢᠳᠬᠡᠯ ᠲᠤᠰᠢᠶᠠᠬᠤ ᠴᠢᠬᠤᠯᠠ ᠥᠬᠡᠶ᠃ ᠡᠭᠦᠨ ᠤ ᠬᠠᠮᠲᠤ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠲᠣᠤᠷ ᠴᠡᠭ ᠣᠯᠠᠨ᠂ ᠬᠠᠮᠤᠷᠬᠤ ᠬᠡᠪᠴᠢᠶ᠎ᠡ ᠥᠷᠭᠡᠨ᠂ ᠦᠢᠯᠡᠴᠢᠯᠡᠭᠡᠨ ᠤ ᠴᠢᠳᠠᠪᠤᠷᠢ ᠴᠢᠩᠭ᠎ᠠ ᠵᠡᠷᠭᠡ ᠳᠠᠪᠠᠭᠤᠯᠢᠭ ᠢ ᠠᠰᠢᠬᠯᠠᠨ ᠠᠵᠢᠯ ᠠᠴᠠ ᠪᠤᠯᠵᠤ ᠬᠡᠮᠳᠦᠭᠰᠡᠨ ᠠᠳᠡᠯ ᠤᠨ ᠪᠠᠶᠢᠴᠠᠭᠠᠯᠲᠠ ᠬᠢᠭᠦ᠂ ᠡᠮᠴᠢᠯᠡᠭᠡᠨ ᠤ ᠡᠷᠡᠭᠦᠯᠵᠢᠯ ᠤᠨ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠬᠤ᠂ ᠡᠮ ᠡᠮᠨᠡᠯᠭᠡ ᠶᠢᠨ ᠵᠠᠷᠤᠳᠠᠯ ᠤᠨ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ ᠠᠵᠢᠯ ᠢ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠣᠯᠭᠤᠮᠵᠢ ᠠᠪᠴᠤ ᠪᠠᠶᠢᠭ᠎ᠠ ᠬᠥᠮᠦᠰ ᠲᠤ ᠬᠡᠷ ᠲᠤᠨᠢ ᠬᠦᠷᠴᠦ ᠣᠷᠣᠰᠢᠨ ᠠᠮᠢᠳᠤᠷᠠᠬᠤ ᠭᠡᠷᠡᠴᠢᠯᠡᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠭᠦ ᠲᠦᠭᠰᠢᠭᠦᠷᠢ ᠶᠢ ᠦᠡᠳᠦᠰᠦᠨ ᠠᠴᠠ ᠨᠢ ᠪᠠᠭᠤᠷᠠᠭᠤᠯᠪᠠ᠃http://mongol.people.com.cn/15831968.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号