ᠰᠤᠷᠭᠠᠨ ᠬᠥᠮᠦᠵᠢᠯ ᠤᠨ ᠶᠠᠮᠤᠨ ᠠᠴᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠰᠠᠨᠠᠭᠤᠯᠤᠬᠰᠠᠨ ᠨᠢ᠄ ᠠᠵᠤ ᠠᠬᠤᠶᠢᠯᠠᠯ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠬᠡᠷ ᠤᠨ ᠠᠬᠠᠮᠠᠳ ᠢᠶᠠᠷ ᠡᠭᠦᠷᠭᠡᠯᠡᠭᠦᠯᠵᠦ ᠪᠤᠯᠬᠤ ᠦᠭᠡᠢ
ᠨᠡᠶᠢᠲᠡᠯᠡᠭᠰᠡᠨ ᠴᠠᠭ᠄
2020/12/8
      ᠰᠢᠨᠬᠤᠸᠠ ᠬᠤᠷᠢᠶᠠᠨ ᠤ ᠦᠬᠠᠨ ᠤ 12 ᠰᠠᠷ᠎ᠠ ᠶᠢᠨ 4 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠤᠢ ᠵᠦ᠋ᠧᠠᠩ᠂ ᠬᠤ᠋ ᠬᠤᠤ︶ ᠣᠶᠢᠷ᠎ᠠ ᠶᠢᠨ ᠵᠢᠯ ᠤᠳ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠱᠠᠯᠠᠪᠳᠠᠨ ᠠᠬᠢᠭᠤᠯᠤᠭᠰᠠᠨ ᠪᠣᠯᠪᠠᠴᠤ ᠬᠤᠭᠤᠴᠠᠭ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠵᠣᠭᠤᠰ ᠮᠡᠭᠡᠯᠡᠨ ᠲᠤᠳᠠᠭᠠᠬᠤ ᠵᠡᠷᠭᠡ ᠠᠰᠠᠭᠤᠳᠠᠯ ᠮᠥᠨ ᠯᠡ ᠪᠠᠶᠢᠨ ᠲᠠᠬᠢᠨ ᠭᠠᠷᠴᠤ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠲᠠᠰᠤᠬ ᠬᠡᠯᠳᠡᠰ ᠤᠨ ᠬᠠᠷᠢᠭᠤᠴᠠᠯᠭᠠᠲᠠᠨ 12 ᠰᠠᠷ᠎ᠠ ᠶᠢᠨ 4 ᠤ ᠡᠳᠦᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠰᠠᠨᠠᠭᠤᠯᠬᠤ ᠳᠠᠭᠠᠨ᠂ ᠰᠣᠬᠤᠷ ᠪᠠᠯᠠᠶ ᠪᠠᠷ ᠠᠰᠢᠭ ᠬᠥᠭᠡᠭᠡᠴᠡᠯᠳᠦᠠ ᠰᠣᠬᠤᠷ ᠪᠠᠯᠠᠶ ᠪᠠᠷ ᠥᠷᠭᠡᠳᠭᠡᠵᠦ᠂ ᠬᠡᠷ ᠤᠨ ᠠᠬᠠᠮᠠᠳ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠡᠭᠦᠷᠭᠡᠯᠡᠭᠦᠯᠵᠦ ᠪᠣᠯᠬᠤ ᠥᠬᠡᠶ ᠭᠡᠪᠠ᠃      ᠲᠣᠰ ᠡᠳᠦᠷ ᠬᠤᠪᠧᠶ ᠶᠢᠨ ᠦᠬᠠᠨ ᠳᠤ ᠬᠤᠷᠠᠯᠳᠤᠭᠤᠯᠤᠭᠰᠠᠨ ᠪᠥᠬᠦ ᠤᠯᠤᠰ ᠤᠨ ᠪᠣᠯᠪᠠᠰᠤᠷᠠᠯ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠬᠢᠭᠡᠳ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠰᠢᠤᠢ ᠫᠠᠨ ᠬᠡᠯᠡᠬᠦ ᠳᠡᠭᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠤᠭᠠᠳ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠵᠠᠷᠢᠮ ᠪᠠᠶᠢᠭᠤᠯᠤᠮᠵᠢ ᠮᠥᠨ ᠯᠡ ᠲᠣᠭᠲᠠᠭᠠᠯ ᠠᠴᠠ ᠵᠥᠷᠢᠴᠡᠨ ᠡᠵᠡᠩᠨᠡᠵᠦ᠂ ᠬᠤᠭᠤᠴᠠᠭ᠎ᠠ ᠬᠡᠲᠦᠷᠡᠭᠦᠯᠦᠨ ᠰᠦᠢᠳᠬᠡᠯ ᠬᠤᠷᠢᠶᠠᠵᠤ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠵᠣᠭᠤᠰ ᠮᠡᠭᠡᠯᠡᠨ ᠲᠤᠳᠠᠭᠠᠵᠤ ᠪᠠᠶᠢᠭ᠎ᠠ ᠵᠡᠷᠭᠡ ᠦᠵᠡᠭᠲᠡᠯ ᠢ ᠴᠠᠭᠠᠵᠠᠯᠠᠵᠤ ᠪᠠᠶᠢᠪᠠᠴᠤ ᠮᠦᠨ ᠯᠡ ᠵᠤᠬᠰᠤᠬᠤ ᠦᠭᠡᠢ ᠪᠠᠶᠢᠨ᠎ᠠ᠂ ᠣᠨᠴᠠ ᠵᠠᠷᠢᠮ ᠪᠠᠶᠢᠭᠤᠯᠤᠮᠵᠢ ᠨᠢ ᠴᠢᠨᠠᠭᠰᠢᠯᠠᠪᠠᠯ ᠬᠠᠤᠯᠢ ᠶᠢ ᠵᠥᠷᠢᠴᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠦᠬᠦᠯᠢ ᠡᠳᠦᠷ ᠤᠨ ᠳᠦᠷᠢᠮᠲᠦ ᠪᠣᠯᠪᠠᠰᠤᠷᠠᠯ ᠡᠷᠭᠢᠯᠡᠵᠦ᠂ ᠲᠦᠢᠯ ᠤᠨ ᠮᠠᠭᠤ ᠨᠥᠯᠥᠭᠡ ᠭᠠᠷᠭᠠᠵᠤ᠂ ᠰᠤᠷᠭᠠᠨ ᠬᠥᠮᠦᠵᠢᠯ ᠤᠨ ᠡᠮᠬᠢ ᠵᠢᠷᠤᠮ ᠢ ᠰᠠᠮᠠᠭᠤᠷᠠᠭᠤᠯᠵᠤ᠂ ᠠᠵᠢᠯ ᠲᠥᠷᠥᠯ ᠤᠨ ᠳᠦᠷᠢ ᠲᠥᠷᠬᠦ ᠶᠢ ᠡᠪᠳᠡᠵᠦ ᠪᠤᠢ᠃ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠤᠯᠠᠮ ᠨᠢᠭᠡ ᠠᠯᠬᠤᠮ ᠵᠢᠷᠤᠮᠵᠢᠭᠤᠯᠬᠤ ᠶᠠᠪᠤᠳᠠᠯ ᠲᠤᠯᠭᠠᠮ᠎ᠠ ᠱᠠᠭᠠᠷᠳᠠᠬᠳᠠᠵᠤ ᠪᠤᠢ ᠬᠡᠪᠡ᠃      ᠰᠢᠤᠢ ᠫᠠᠨ᠄ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠬᠤ ᠳᠤ ᠪᠣᠯᠪᠠᠰᠤᠷᠠᠯ ᠤᠨ ᠪᠠᠶᠢᠭᠤᠯᠤᠮᠵᠢ ᠶᠢᠨ ᠲᠣᠰ ᠪᠡᠶ᠎ᠡ ᠶᠢᠨ ᠴᠢᠷᠮᠠᠶᠢᠯᠭ᠎ᠠ ᠨᠠᠩ ᠱᠠᠭᠠᠷᠳᠠᠭᠳᠠᠨ᠎ᠠ︾ ᠭᠡᠪᠡ᠃      ᠲᠡᠷᠡ ᠬᠡᠯᠡᠬᠦ ᠳᠡᠭᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠬᠤ ᠬᠡᠷᠡᠭᠲᠡᠶ᠂ ᠠᠵᠤ ᠠᠬᠤᠶ ᠶᠢᠨ ᠠᠰᠢᠭ ᠲᠤᠰᠠ ᠳᠤ ᠬᠥᠲᠥᠯᠦᠭᠳᠡᠵᠤ ᠬᠡᠷ ᠤᠨ ᠠᠬᠠᠮᠠᠳ ᠢ ᠮᠡᠬᠡᠯᠡᠨ ᠬᠤᠭᠤᠴᠠᠭ᠎ᠠ ᠬᠡᠲᠦᠷᠡᠭᠦᠯᠦᠨ ᠰᠦᠢᠳᠬᠡᠯ ᠲᠤᠰᠢᠶᠠᠯᠭᠠᠵᠤ ᠪᠣᠯᠬᠤ ᠥᠬᠡᠶ᠂ ᠰᠣᠬᠤᠷ ᠪᠠᠯᠠᠶ ᠪᠠᠷ ᠠᠰᠢᠭ ᠬᠥᠭᠡᠭᠡᠴᠡᠯᠳᠦᠵᠦ᠂ ᠦᠨ᠎ᠡ ᠬᠠᠩᠰᠢ ᠶᠢ ᠳᠤᠷ᠎ᠠ ᠪᠠᠷ ᠢᠶᠠᠨ ᠥᠰᠬᠡᠵᠦ ᠪᠣᠯᠬᠤ ᠥᠬᠡᠶ ᠂ ᠪᠣᠳᠠᠲᠤ ᠪᠠᠶᠢᠳᠠᠯ ᠢ ᠬᠠᠶᠢᠬᠤᠷᠬᠤ ᠥᠬᠡᠶ ᠪᠠᠷ ᠰᠣᠬᠤᠷ ᠪᠠᠯᠠᠶ ᠪᠠᠷ ᠥᠷᠭᠡᠳᠬᠡᠵᠦ᠂ ᠬᠡᠷ ᠤᠨ ᠠᠬᠠᠮᠠᠳ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠡᠭᠦᠷᠭᠡᠯᠡᠭᠦᠯᠵᠦ ᠪᠤᠯᠬᠤ ᠦᠭᠡᠢ᠃ ᠨᠢᠭᠡ ᠯᠡ ᠤᠳᠠᠭ᠎ᠠ ᠶᠢᠨ ᠴᠢᠨᠠᠷᠲᠠᠶ ᠰᠦᠢᠳᠬᠡᠯ ᠬᠤᠷᠢᠶᠠᠯᠲᠠ ᠶᠢ ᠭᠤᠷᠪᠠᠨ ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ ᠭᠡᠰᠡᠨ ᠤᠯᠤᠰ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠣᠲᠣ ᠦᠶ᠎ᠡ ᠶᠢᠨ ᠮᠡᠷᠭᠡᠵᠢᠯ ᠢ ᠬᠡᠷᠡᠭᠯᠡᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠪᠤᠶᠤ ᠠᠯᠬᠤᠮ ᠠᠯᠬᠤᠮ ᠢᠶᠠᠷ ᠪᠠᠭᠤᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠬᠤᠯᠠᠴᠢᠯᠠᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠪᠠᠰᠠ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠠᠵᠢᠯ ᠲᠦᠷᠦᠯ ᠤᠨ ᠡᠮᠬᠢ ᠵᠢᠷᠤᠮ ᠢ ᠬᠠᠮᠠᠭᠠᠯᠠᠨ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠦᠨᠡᠨ ᠬᠦ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠪᠡ᠃http://mongol.people.com.cn/15832003.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ