ᠮᠠᠨ ᠤ ᠬᠤᠲᠠ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠡᠴᠦᠰ ᠤᠨ ᠴᠡᠭ ᠤᠨ ᠳᠣᠪᠣᠶᠢᠮ᠎ᠠ ᠠᠰᠠᠭᠤᠳᠠᠯ ᠳᠤ ᠲᠤᠰᠬᠠᠢ ᠴᠡᠭᠴᠡᠯᠡᠨ ᠵᠠᠰᠠᠯᠲᠠ ᠬᠢᠪᠡ
ᠨᠡᠶᠢᠲᠡᠯᠡᠭᠰᠡᠨ ᠴᠠᠭ᠄
2020/12/9
      ︵ᠰᠤᠷᠪᠤᠯᠵᠢᠯᠠᠭᠴᠢ ᠰᠦᠩ ᠰᠢᠶᠠᠩ ᠬᠤᠸᠠ︶ ᠲᠦᠷᠭᠡᠨ ᠭᠤᠪᠢᠭᠤᠯᠭ᠎ᠠ ᠶᠢᠨ ᠡᠴᠦᠰ ᠤᠨ ᠴᠡᠭ ᠤᠨ ᠡᠵᠡᠩᠨᠡᠯᠲᠡ ᠶᠢᠨ ᠡᠮᠬᠢ ᠵᠢᠷᠤᠮ ᠪᠠ ᠦᠢᠯᠡᠴᠢᠯᠡᠭᠡ ᠶᠢᠨ ᠴᠢᠨᠠᠷ ᠴᠢᠨᠰᠠᠭ᠎ᠠ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠶᠢᠨ ᠲᠤᠯᠠᠳᠠ᠂ ᠣᠷᠴᠢᠮᠬᠠᠨ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠡᠴᠦᠰ ᠤᠨ ᠴᠡᠭ ᠤᠨ ᠳᠣᠪᠣᠶᠢᠮ᠎ᠠ ᠠᠰᠠᠭᠤᠳᠠᠯ ᠳᠤ ᠲᠤᠰᠬᠠᠢ ᠴᠡᠭᠴᠡᠯᠡᠨ ᠵᠠᠰᠠᠯᠲᠠ ᠬᠢᠪᠡ᠃      ᠴᠡᠭᠴᠡᠯᠡᠨ ᠵᠠᠰᠠᠯᠲᠠ ᠬᠢᠬᠦ ᠬᠤᠭᠤᠴᠠᠭᠠᠨ ᠳᠤ᠂ ᠮᠠᠨ ᠤ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠬᠠᠢ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠰᠢᠤᠳᠠᠨ ᠤ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠢ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠡᠴᠦᠰ ᠤᠨ ᠴᠡᠭ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ ᠂ ᠲᠦᠷᠭᠡᠨ ᠭᠤᠪᠢᠭᠤᠯᠭ᠎ᠠ ᠶᠢᠨ ᠡᠴᠦᠰ ᠤᠨ ᠴᠡᠭ ᠤᠨ ᠡᠵᠡᠩᠨᠡᠯᠲᠡ ᠳᠤᠮᠳᠠ ᠣᠷᠣᠰᠢᠵᠤ ᠪᠠᠶᠢᠭ᠎ᠠ ᠳᠠᠩᠰᠠᠯᠠᠯ ᠦᠭᠡᠢ ᠪᠠᠷ ᠡᠵᠡᠩᠨᠡᠬᠦ᠂ ᠲᠦᠷᠭᠡᠨ ᠭᠤᠪᠢᠭᠤᠯᠭ᠎ᠠ ᠶᠢᠨ ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠦᠭᠡᠢ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠲᠠᠪᠴᠠᠩ ᠠᠴᠠ ᠲᠦᠷᠭᠡᠨ ᠭᠤᠪᠢᠭᠤᠯᠭ᠎ᠠ ᠶᠢᠨ ᠠᠵᠢᠯ ᠢ ᠡᠵᠡᠩᠨᠡᠭᠰᠡᠨ ᠂ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢᠶᠠᠨ ᠡᠵᠡᠩᠨᠡᠯᠲᠡ ᠶᠢᠨ ᠬᠢᠷᠢ ᠬᠡᠮ ᠦᠭᠡᠢ ᠲᠦᠷᠭᠡᠨ ᠭᠤᠪᠢᠭᠤᠯᠭ᠎ᠠ ᠶᠢᠨ ᠭᠤᠷᠪᠠᠳᠠᠭᠢ ᠡᠲᠡᠭᠡᠳ ᠲᠤ ᠨᠠᠶᠢᠳᠠᠨ ᠡᠵᠡᠩᠨᠡᠭᠦᠯᠦᠭᠰᠡᠨ᠂ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠭᠡᠢ ᠵᠡᠷᠭᠡ ᠠᠰᠠᠭᠤᠳᠠᠯ ᠢ ᠮᠡᠳᠡᠭᠳᠡᠵᠦ᠂ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠᠯᠠᠭᠤᠯᠤᠨ ᠡᠮᠬᠢ ᠵᠢᠷᠤᠮ ᠲᠠᠢ ᠡᠵᠡᠩᠨᠡᠬᠦ ᠶᠢ ᠱᠠᠭᠠᠷᠳᠠᠪᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠵᠢᠯᠤᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠲᠠᠭᠠᠨ ᠮᠥᠷᠳᠡᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠡᠨᠡ ᠤᠳᠠᠭᠠᠨ ᠤ ᠲᠤᠰᠬᠠᠢ ᠲᠥᠷᠥᠯ ᠤᠨ ᠠᠵᠢᠯᠯᠠᠭ᠎ᠠ ᠪᠠᠷ ᠲᠠᠮᠵᠢᠭᠤᠯᠤᠨ ᠳᠠᠯᠳᠠ ᠭᠡᠮ ᠢ ᠠᠷᠢᠯᠭᠠᠵᠤ᠂ ᠴᠣᠭᠤᠷᠬᠠᠢ ᠶᠢ ᠪᠥᠭᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠮᠠᠨ ᠤ ᠬᠤᠲᠠ ᠶᠢᠨ ᠰᠢᠤᠳᠠᠨ ᠤ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠳᠦᠷᠢᠮ ᠳᠤ ᠨᠡᠶᠢᠴᠡᠭᠦᠯᠦᠨ ᠡᠵᠡᠩᠨᠡᠬᠦ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号