︵ᠰᠤᠷᠪᠤᠯᠵᠢᠯᠠᠭᠴᠢ ᠯᠢᠶᠠᠩ ᠵᠢᠩ ᠱᠤ᠋︶ 12 ᠳ᠋ᠤᠭᠠᠷ ᠰᠠᠷ᠎ᠠ ᠶᠢᠨ 8 ᠤ ᠡᠳᠦᠷ᠂ ᠪᠦᠬᠦ ᠬᠤᠲᠠ ᠶᠢᠨ | ᠬᠤᠰᠢᠭᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡ ᠶᠢᠨ ᠥᠭᠡᠷᠡᠴᠢᠯᠡᠯᠲᠡ ᠶᠢᠨ ᠠᠵᠢᠯ ᠤᠨ | ᠠᠬᠢᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠮᠠᠨ ᠤ ᠬᠤᠲᠠ ᠶᠢᠨ ᠬᠤᠰᠢᠭᠤ ᠰᠢᠶᠠᠨ ᠤ | ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡ ᠶᠢᠨ ᠥᠭᠡᠷᠡᠴᠢᠯᠡᠯᠲᠡ ᠶᠢᠨ ᠳᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ | ᠰᠢᠦᠢ ᠷᠦᠢ ᠰᠢᠶᠠ ᠢᠯᠡᠷᠬᠡᠶᠢᠯᠡᠬᠦ ᠳᠡᠭᠡᠨ᠂ ᠴᠠᠭ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠢᠭᠡᠳ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠡᠮᠴᠢᠯᠡᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠥᠷᠥ ᠶᠢᠨ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠮᠴᠢᠯᠡᠭᠡ᠂ ᠡᠮᠴᠢᠯᠡᠭᠡ ᠶᠢᠨ | ᠳᠠᠭᠠᠳᠬᠠᠯ᠂ ᠡᠮ ᠡᠮᠨᠡᠯᠭᠡ ︽ᠭᠤᠷᠪᠠᠨ ᠡᠮᠴᠢᠯᠡᠭᠡ ᠶᠢ ᠬᠤᠯᠪᠣᠬᠤ︾ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠠᠳᠬᠤᠵᠤ ᠪᠣᠳᠠᠲᠤ ᠦᠷ᠎ᠡ ᠪᠦᠲᠦᠮᠵᠢ ᠣᠯᠬᠤ ᠳᠡᠭᠡᠷ᠎ᠡ ᠨᠡᠩ ᠶᠡᠭᠡ | ᠬᠦᠴᠦ ᠪᠠᠨ ᠲᠥᠪᠯᠡᠷᠡᠭᠦᠯᠵᠦ᠂ ᠣᠯᠠᠨ ᠲᠦᠮᠡᠨ ᠳᠤ ᠴᠢᠨᠠᠷ ᠰᠠᠶᠢᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠬᠤ ᠬᠡᠷᠡᠭᠲᠡᠢ᠃ ᠦᠨᠡᠨᠬᠦ ᠭᠤᠣᠯᠳᠠᠯᠭ᠎ᠠ ᠶᠢ ᠠᠳᠬᠤᠵᠤ᠂ ᠬᠤᠰᠢᠭᠤ ᠰᠢᠶᠠᠨ ᠤ ᠬᠡᠪᠴᠢᠶᠡᠨ ᠤ | ᠡᠮᠴᠢᠯᠡᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠬᠦᠴᠦᠷᠬᠡᠭᠵᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠰᠢᠭᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡ ᠶᠢᠨ | ᠥᠭᠡᠷᠡᠴᠢᠯᠡᠯᠲᠡ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠥᠪᠡᠷ ᠤᠨ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠠᠶᠢᠨ ︽ | ᠪᠠᠷᠢᠯᠭ᠎ᠠ ᠶᠢᠨ ᠠᠩᠭᠢ ᠶᠢᠨ ᠳᠠᠷᠤᠭ᠎ᠠ︾ ᠪᠣᠯᠵᠤ᠂ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠨ᠂ ᠥᠪᠡᠷ ᠤᠨ | ᠪᠡᠶ᠎ᠡ ᠪᠠᠷ ᠢᠶᠠᠨ ᠵᠣᠬᠢᠴᠠᠭᠤᠯᠤᠨ᠂ ᠥᠪᠡᠷ ᠤᠨ ᠪᠡᠶ᠎ᠡ ᠪᠠᠷ ᠢᠶᠠᠨ ᠰᠢᠮᠳᠠᠭᠤᠯᠤᠨ ᠭᠦᠢᠴᠡᠳᠬᠡᠬᠦ ᠬᠡᠷᠡᠭᠲᠡᠢ ᠭᠡᠵᠡᠢ᠃ |