ᠰᠤᠷᠭᠠᠨ ᠬᠥᠮᠦᠵᠢᠯ ᠤᠨ ᠶᠠᠮᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠪᠠᠷᠢᠮᠵᠢᠶ᠎ᠠ ᠶᠢ ᠵᠥᠷᠢᠴᠡᠭᠰᠡᠨ 8 ᠨᠡᠶᠢᠲᠡᠯᠢᠭ ᠬᠡᠷᠡᠭ ᠢ ᠢᠯᠡᠴᠢᠯᠡᠪᠡ
ᠨᠡᠶᠢᠲᠡᠯᠡᠭᠰᠡᠨ ᠴᠠᠭ᠄
2020/12/9
      ᠲᠣᠮᠳᠠᠳᠣ ᠣᠯᠣᠰ ᠤᠨ ᠵᠠᠯᠠᠭᠤᠴᠣᠳ ᠰᠤᠨᠢᠨ ᠤ  ᠪᠡᠭᠡᠵᠢᠩ ᠤᠨ 12 ᠰᠠᠷ᠎ᠠ ᠶᠢᠨ 7 ᠤ ᠡᠳᠦᠷ ᠤᠨ ᠮᠡᠳᠡᠭᠡ ︵ᠳᠤᠮᠳᠠᠳᠤ ᠤᠯᠤᠰ ᠤᠨ ᠵᠠᠯᠠᠭᠤᠴᠤᠳ ᠰᠣᠨᠢᠨ · ᠳᠤᠮᠳᠠᠳᠤ ᠤᠯᠤᠰ ᠤᠨ ᠵᠠᠯᠠᠭᠤᠴᠤᠳ ᠰᠦᠯᠵᠢᠶᠡᠨ ᠤ ᠰᠤᠷᠪᠤᠯᠵᠢᠯᠠᠭᠴᠢ ᠹᠠᠨ ᠸᠧᠶ ᠴᠧᠨ︶ ᠰᠤᠷᠪᠤᠯᠵᠢᠯᠠᠭᠴᠢ ᠥᠨᠥᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ 8 ᠨᠡᠶᠢᠲᠡᠯᠢᠭ ᠬᠡᠷᠡᠭ ᠢ ᠢᠯᠡᠴᠢᠯᠡᠪᠡ᠂ ᠡᠲᠡᠭᠡᠷ ᠬᠡᠷᠡᠭ ᠨᠢ ᠴᠥᠮ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠪᠠᠷᠢᠮᠵᠢᠶ᠎ᠠ ᠶᠢ ᠵᠦᠷᠢᠴᠡᠭᠰᠡᠨ ᠪᠠᠶᠢᠨ᠎ᠠ᠃ ᠣᠳᠣᠬᠠᠨ ᠳᠤ᠂ ᠬᠡᠷᠡᠭ ᠲᠤ ᠬᠤᠯᠪᠣᠭᠳᠠᠭᠰᠠᠨ ᠪᠠᠭᠰᠢ ᠪᠠ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠨᠢᠭᠡᠨᠲᠡ ᠴᠢᠩᠭ᠎ᠠ ᠰᠢᠳᠭᠡᠭᠰᠡᠨ ᠪᠦᠭᠡᠳ ᠰᠤᠷᠭᠠᠨ ᠬᠥᠮᠦᠵᠢᠯ ᠤᠨ ᠶᠠᠮᠤᠨ ᠪᠠᠭᠰᠢ ᠶᠢᠨ ᠶᠣᠰᠣ ᠮᠣᠷᠠᠯ ᠤᠨ ᠲᠠᠯ᠎ᠠ ᠪᠠᠷ ᠬᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ︽ᠥᠴᠦᠬᠡᠨ ᠴᠦ ᠠᠭᠤᠴᠢᠯᠠᠬᠤ ᠥᠬᠡᠶ︾ ᠭᠡᠵᠦ ᠳᠠᠬᠢᠨᠲᠠ ᠢᠯᠡᠷᠬᠡᠶᠢᠯᠡᠪᠡ᠃       ᠬᠡᠷᠡᠭ ᠤᠨ ᠲᠤᠳᠤᠷ᠎ᠠ ᠪᠡᠯᠭᠡ ᠶᠢᠨ ᠬᠠᠯᠳᠠᠯᠭ᠎ᠠ ᠬᠢᠭᠰᠡᠨ ᠬᠡᠷᠡᠭ ᠬᠤᠶᠠᠷ ᠪᠤᠢ᠄ ᠨᠢᠭᠡ ᠨᠢ ᠹᠦᠵᠢᠶᠠᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠪᠠᠭᠰᠢ ᠸᠠᠩ ᠣᠪᠣᠭᠲᠤ ᠣᠯᠠᠨ ᠤᠳᠠᠭ᠎ᠠ ᠰᠤᠷᠤᠬᠴᠢ ᠳᠤ ᠪᠡᠯᠭᠡ ᠶᠢᠨ ᠬᠠᠯᠳᠠᠯᠭ᠎ᠠ ᠬᠢᠭᠰᠡᠨ ᠬᠡᠷᠡᠭ᠂ ᠨᠥᠭᠦᠭᠡ ᠨᠢ ᠨᠠᠨᠨᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠬᠦᠷᠢᠶᠡᠯᠡᠩ ᠤᠨ ᠳᠡᠭᠡᠳᠦ ᠰᠤᠷᠭᠠᠭᠤᠯᠢ ᠶᠢᠨ ᠪᠠᠭᠰᠢ ᠴᠧᠨ ᠣᠪᠣᠭᠲᠤ ᠰᠤᠷᠤᠬᠴᠢ ᠳᠤ ᠪᠡᠯᠭᠡ ᠶᠢᠨ ᠬᠠᠯᠳᠠᠯᠭ᠎ᠠ ᠬᠢᠭᠰᠡᠨ ᠬᠡᠷᠡᠭ ᠪᠤᠯᠤᠨ᠎ᠠ︔ ᠦᠨ᠎ᠡ ᠲᠥᠯᠥᠪᠦᠷᠢ ᠲᠠᠢ ᠪᠠᠷ ᠬᠢᠴᠢᠶᠡᠯ ᠨᠥᠬᠦᠬᠦ ᠠᠰᠠᠭᠤᠳᠠᠯ ᠳᠤ ᠬᠤᠯᠪᠣᠭᠳᠠᠬᠰᠠᠨ ᠬᠤᠶᠠᠷ ᠬᠡᠷᠡᠭ ᠪᠤᠢ᠄ ᠨᠢᠭᠡ ᠨᠢ ᠱᠠᠨ ᠰᠢ ᠮᠤᠵᠢ ᠶᠢᠨ ᠲᠠᠶᠢᠶᠦᠧᠠᠨ ᠬᠤᠲᠠ ᠶᠢᠨ ᡁᠢ ᠳ᠋ᠡ ᠴᠠᠩ ᠴᠢᠩ ᠲᠧᠩ ᠳᠤᠮᠳᠠᠳᠤ ᠰᠤᠷᠭᠠᠭᠤᠯᠢ ᠶᠢᠨ ᠪᠠᠭᠰᠢ ᠯᠢ ᠣᠪᠣᠭᠲᠤ ᠦᠨ᠎ᠡ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢᠨ ᠬᠠᠮᠲᠤ ᠰᠤᠷᠤᠭᠴᠢᠳ ᠢ ᠬᠠᠮᠢᠶᠠᠷᠬᠤ ᠶᠠᠪᠤᠴᠠ ᠳᠤ ᠪᠠᠨ ᠪᠤᠯᠬᠢ ᠪᠦᠳᠦᠭᠦᠯᠢᠭ ᠠᠵᠢᠯᠯᠠᠭ᠎ᠠ ᠵᠡᠷᠭᠡ ᠶᠢ ᠬᠢᠭᠰᠡᠨ ᠭᠡᠷᠡᠭ᠂ ᠨᠥᠭᠦᠭᠡ ᠨᠢ ᠯᠢᠶᠣᠤᠨᠢᠩ ᠮᠤᠵᠢ ᠶᠢᠨ ᠱᠧᠨᠶᠠᠩ ᠬᠤᠲᠠ ᠶᠢᠨ 127 ᠳᠤᠮᠳᠠᠳᠤ ᠰᠤᠷᠭᠠᠭᠤᠯᠢ ᠶᠢᠨ ᠪᠠᠭᠰᠢ ᠶᠢᠨ ᠣᠪᠣᠭᠲᠤ ᠦᠨ᠎ᠡ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢᠨ ᠬᠠᠮᠳᠤ᠂ ᠭᠡᠷ ᠪᠦᠯᠢ ᠶᠢᠨ ᠬᠢᠨ ᠢᠶᠠᠨ ᠵᠢᠭᠠᠨ ᠳᠣᠬᠢᠵᠤ ᠪᠠᠶᠢᠭᠠᠳ ᠰᠤᠷᠤᠭᠴᠢ ᠶᠢᠨ ᠭᠡᠷ ᠤᠨ ᠠᠬᠠᠮᠠᠳ ᠢ ᠵᠣᠳᠣᠭᠰᠠᠨ ᠬᠡᠷᠡᠭ ᠪᠣᠯᠤᠨ᠎ᠠ︔ ᠵᠣᠬᠢᠰ ᠥᠬᠡᠶ ᠠᠷᠭ᠎ᠠ ᠮᠠᠶ᠋ᠢᠭ ᠢᠶᠠᠷ ᠬᠢᠴᠢᠶᠡᠯᠯᠡᠭᠰᠠᠨ ᠠᠰᠠᠭᠤᠳᠠᠯ ᠳᠤ ᠬᠤᠯᠪᠤᠬᠳᠠᠬᠰᠠᠨ ᠬᠤᠶᠠᠷ ᠬᠡᠷᠡᠭ ᠪᠤᠢ᠄ ᠨᠢᠭᠡ ᠨᠢ ᠭᠤᠷᠪᠠᠨ ᠬᠠᠪᠴᠢᠯ ᠤᠨ ᠶᠡᠭᠡ ᠰᠤᠷᠭᠠᠭᠤᠯᠢ ᠶᠢᠨ ᠪᠠᠭᠰᠢ ᠯᠠᠩ ᠣᠪᠣᠭᠲᠤ ᠪᠤᠯᠬᠢ ᠪᠦᠳᠦᠭᠦᠯᠢᠭ ᠮᠠᠭᠤᠬᠠᠶ ᠠᠷᠭ᠎ᠠ ᠪᠠᠷ ᠬᠢᠴᠢᠶᠡᠯ ᠤᠷᠤᠭᠰᠠᠨ ᠬᠡᠷᠡᠭ᠂ ᠨᠥᠭᠦᠭᠡ ᠨᠢ ᠵᠢᠶᠠᠩᠰᠦ ᠮᠤᠵᠢ ᠶᠢᠨ ᠰᠤ᠋ ᠴᠢᠶᠠᠨ ᠬᠤᠳᠠ ᠶᠢᠨ ᠱᠤ᠋ ᠶᠠᠩ ᠰᠢᠶᠠᠨ ᠤ ᠬᠠᠨ ᠯᠢᠨ ᠰᠤᠷᠭᠠᠭᠤᠯᠢ ᠶᠢᠨ ᠪᠠᠭᠰᠢ ᠭᠧᠩ ᠣᠪᠣᠭᠲᠤ ᠰᠤᠷᠤᠭᠴᠢᠳ ᠢ ᠳᠠᠭᠠᠭᠤᠯᠤᠨ ᠵᠤᠭ᠎ᠠ ᠴᠡᠩᠭᠡᠯ ᠤᠨ ᠣᠳᠣᠨ ᠢ ᠲᠤᠰᠠᠯᠠᠭᠰᠠᠨ ᠬᠡᠷᠡᠭ ᠪᠤᠯᠤᠨ᠎ᠠ︔ ᠪᠠᠰᠠ ᠬᠠᠷᠠᠲᠠᠨ ᠲᠠᠮᠤᠯᠠᠬᠰᠠᠨ ᠠᠰᠠᠭᠤᠳᠠᠯ ᠳᠤ ᠬᠤᠯᠪᠣᠭᠳᠠᠬᠰᠠᠨ ᠬᠤᠶᠠᠷ ᠬᠡᠷᠡᠭ ᠪᠤᠢ᠄ ᠨᠢᠭᠡ ᠨᠢ ᠵᠢᠶᠠᠩᠰᠢ ᠮᠤᠵᠢ ᠶᠢᠨ ᠹᠦᠵᠧᠦ ᠬᠤᠲᠠ ᠶᠢᠨ ᠨᠠᠨᠹᠧᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠢᠤᠢ ᠣᠪᠣᠭᠲᠤ ᠶᠢᠨ ᠰᠣᠷᠣᠭᠴᠢ ᠶᠢ ᠬᠠᠷᠠᠲᠠᠨ ᠲᠠᠮᠤᠯᠠᠬᠰᠠᠨ ᠬᠡᠷᠡᠭ᠂ ᠨᠥᠭᠦᠭᠡ ᠨᠢ ᠠᠨᠾᠦ᠋ᠢ ᠮᠤᠵᠢ ᠶᠢᠨ ᠾᠧᠹᠸᠢ ᠬᠤᠲᠠ ᠶᠢᠨ ᠯᠦᠶᠠᠩ ᠤᠨ ᠨᠠᠨ ᠭᠦᠸᠧ ᠶᠦ᠋ᠧᠠᠨ ᠴᠡᠴᠡᠷᠯᠢᠭ ᠤᠨ ᠪᠠᠭᠰᠢ ᠰᠤ᠋ ᠣᠪᠣᠭᠲᠤ ᠶᠢᠨ ᠨᠢᠯᠬ᠎ᠠ ᠬᠡᠤᠬᠡᠳ ᠢ ᠬᠠᠷᠠᠲᠠᠨ ᠲᠠᠮᠤᠯᠠᠬᠰᠠᠨ ᠭᠡᠷᠡᠭ ᠪᠣᠯᠤᠨ᠎ᠠ᠃       ᠰᠤᠷᠭᠠᠨ ᠬᠥᠮᠦᠵᠢᠯ ᠤᠨ ᠶᠠᠮᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠪᠦᠭᠡᠳ ᠣᠯᠠᠨ ᠲᠦᠮᠡᠨ ᠤ ᠰᠠᠨᠠᠯ ᠶᠡᠬᠡᠳᠡᠢ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ  ᠰᠢᠢᠳᠪᠦᠷᠢᠯᠡᠬᠦ ᠪᠠ ᠵᠠᠷᠯᠠᠨ ᠮᠡᠳᠡᠭᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠵᠠᠰᠠᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠵᠦ ᠪᠤᠢ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠪᠠᠭᠰᠢ ᠶᠢᠨ ᠶᠣᠰᠣ ᠰᠤᠷᠲᠠᠬᠤᠨ ᠤ ᠲᠦᠷᠢᠮ ᠠᠴᠠ ᠵᠥᠷᠢᠴᠡᠭᠰᠡᠨ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠴᠤᠬᠢᠯᠳᠡ ᠦᠭᠴᠦ᠂ ᠴᠠᠭ ᠲᠤᠬᠠᠢ ᠳᠤᠨᠢ ᠰᠢᠢᠳᠪᠦᠷᠢᠯᠡᠵᠦ᠂ ᠪᠠᠭᠰᠢ ᠶᠢᠨ ᠶᠣᠰᠣ ᠮᠤᠷᠠᠯ ᠪᠠᠭᠰᠢ ᠶᠢᠨ ᠰᠤᠷᠲᠠᠯ ᠲᠡᠮᠤᠷ ᠮᠡᠲᠦ ᠰᠠᠬᠢᠯᠭ᠎ᠠ ᠪᠠᠲᠤ ᠶᠢ ᠡᠷᠡᠰ ᠬᠡᠷᠡᠭᠵᠢᠭᠦᠯᠵᠦ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠵᠠᠷᠴᠢᠮ ᠢ ᠪᠠᠭᠰᠢ ᠶᠢᠨ ᠶᠣᠰᠣ ᠮᠤᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠳᠤᠮᠳᠠ ᠢᠯᠡᠷᠡᠭᠦᠯᠵᠦ᠂ ︽ᠤᠯᠠᠨ ᠢ ᠲᠦᠢᠳᠦᠭᠴᠢ︾ ᠶᠢ ᠪᠠᠭᠰᠢ ᠶᠢᠨ ᠡᠩᠨᠡᠭᠡ ᠠᠴᠠ ᠴᠠᠭ ᠲᠤᠬᠠᠢ ᠳᠤᠨᠢ ᠴᠠᠪᠡᠷᠯᠡᠨ ᠭᠠᠷᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠰᠠᠶᠢᠨ ᠰᠠᠶᠢᠬᠠᠨ ᠠᠮᠢ ᠠᠬᠤᠢ ᠶᠢ ᠴᠢᠷᠮᠠᠶᠢᠨ ᠪᠤᠢ ᠪᠣᠯᠭᠠᠵᠤ  ᠪᠠᠶᠢᠨ᠎ᠠ᠃       ᠰᠤᠷᠭᠠᠨ ᠬᠥᠮᠦᠵᠢᠯ ᠤᠨ ᠶᠠᠮᠤᠨ ᠡᠭᠦᠨ ᠤ ᠵᠡᠷᠭᠡᠪᠡᠷ ᠪᠠᠰᠠ ᠥᠷᠭᠡᠨ ᠣᠯᠠᠨ ᠪᠠᠭᠰᠢ ᠨᠠᠷ ᠡᠨᠡᠬᠦ ᠬᠡᠷᠡᠭ ᠢᠶᠠᠷ ᠴᠡᠭᠡᠷᠯᠡᠯ ᠪᠣᠯᠭᠠᠵᠤ᠂ ᠬᠤᠷᠢᠭ᠎ᠠ ᠱᠤᠭᠤᠮ ᠤᠨ ᠤᠬᠠᠮᠰᠠᠷ ᠢᠶᠠᠨ ᠪᠠᠲᠤᠳᠬᠠᠵᠤ᠂ ᠪᠠᠭᠰᠢ ᠶᠢᠨ ᠠᠵᠢᠯ ᠮᠡᠷᠭᠡᠵᠢᠯ ᠤᠨ  ᠦᠢᠯᠡ ᠠᠵᠢᠯᠯᠠᠭ᠎ᠠ ᠶᠢᠨ ᠠᠷᠪᠠᠨ ᠪᠠᠷᠢᠮᠵᠢᠶ᠎ᠠ ᠶᠢ ᠵᠢᠷᠤᠮᠯᠠᠨ ᠰᠠᠬᠢᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠣᠭ ᠰᠠᠨᠠᠭ᠎ᠠ ᠪᠠᠨ ᠪᠠᠲᠤ ᠰᠠᠬᠢᠵᠤ᠂ ᠡᠷᠬᠢᠮ ᠳᠡᠭᠡᠳᠦ ᠪᠠᠭᠰᠢ ᠶᠢᠨ ᠶᠣᠰᠣ ᠮᠣᠷᠠᠯ ᠢ ᠲᠠᠰᠤᠷᠠᠯᠲᠠ ᠥᠬᠡᠶ ᠬᠠᠳᠠᠭᠠᠯᠠᠵᠤ᠂ ᠶᠣᠰᠣ ᠮᠣᠷᠠᠯ ᠢᠶᠠᠷ ᠵᠢᠭᠠᠨ ᠰᠤᠷᠭᠠᠬᠤ᠂ ᠶᠣᠰᠣ ᠮᠣᠷᠠᠯ ᠢᠶᠠᠷ ᠶᠣᠰᠣ ᠮᠣᠷᠠᠯ ᠢ ᠬᠥᠮᠦᠵᠢᠭᠦᠯᠬᠦ᠂ ᠨᠠᠮ ᠪᠠ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ︽ᠳᠥᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ ᠪᠣᠯᠬᠤ ᠬᠡᠷᠡᠭᠲᠡᠶ ᠬᠡᠵᠦ ᠲᠤᠷᠠᠳᠴᠠᠢ᠃http://mongol.people.com.cn/15832154.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号