ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠰᠠᠨᠠᠭᠤᠯᠤᠮᠵᠢ᠄ ᠠᠰᠫᠢᠷᠠᠨᠲ ᠰᠢᠯᠭᠠᠭᠤᠯᠬᠤ ᠰᠤᠷᠤᠭᠴᠢᠳ ᠰᠢᠯᠭᠠᠯᠲᠠ ᠠᠴᠠ ᠡᠮᠦᠨᠡᠬᠢ 14 ᠡᠳᠦᠷ ᠤᠨ ᠪᠡᠶ᠎ᠡ ᠶᠢᠨ ᠬᠠᠯᠠᠭᠤᠨ ᠢᠶᠠᠨ ᠬᠢᠨᠠᠨ ᠬᠡᠮᠵᠢᠬᠦ ᠬᠡᠷᠡᠭᠲᠡᠶ
ᠨᠡᠶᠢᠲᠡᠯᠡᠭᠰᠡᠨ ᠴᠠᠭ᠄
2020/12/9
      ᠬᠦᠬᠡᠬᠤᠳᠠ ᠶᠢᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ︵ᠠᠩᠬᠠᠨ ᠤ ᠰᠢᠯᠭᠠᠯᠲᠠ︶ 2020 ᠣᠨ ᠤ 12 ᠰᠠᠷ᠎ᠠ ᠶᠢᠨ 26 ᠤ ᠡᠳᠦᠷ ᠡᠬᠢᠯᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠴᠢ ᠳᠤ ᠰᠠᠨᠠᠭᠤᠯᠬᠤ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠵᠦ᠂ ᠰᠢᠯᠭᠠᠭᠤᠯᠤᠭᠴᠢ ᠠᠮᠠᠪᠴᠢ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ ᠢᠶᠠᠨ ᠪᠡᠯᠡᠳᠬᠡᠬᠦ ᠬᠡᠷᠡᠭᠲᠡᠶ᠃ ᠰᠢᠯᠭᠠᠯᠲᠠ ᠠᠴᠠ ᠡᠮᠦᠨᠡᠬᠢ 14 ᠡᠳᠦᠷ ︵ᠲᠤᠬᠠᠢᠢᠯᠠᠪᠠᠯ 12 ᠰᠠᠷ᠎ᠠ ᠶᠢᠨ 12 ᠤᠨ ᠡᠳᠦᠷ︶ ᠠᠴᠠ ᠡᠬᠢᠯᠡᠨ᠂ ᠪᠣᠶ ᠪᠥᠬᠦᠶ ᠰᠢᠯᠭᠠᠭᠤᠯᠤᠭᠴᠢ ᠪᠡᠶ᠎ᠡ ᠶᠢᠨ ᠬᠠᠯᠠᠭᠤᠨ ᠢᠶᠠᠨ ᠬᠡᠮᠵᠢᠵᠦ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠬᠢᠨᠠᠨ ᠬᠡᠮᠵᠢᠭᠦ ᠬᠡᠷᠡᠭᠲᠡᠢ᠂ ᠡᠭᠦᠨ ᠳᠤ᠂ ᠲᠣᠰ ᠬᠤᠭᠤᠴᠠᠭᠠᠨ ᠤ ᠲᠡᠭᠦᠰᠬᠦ ᠰᠢᠯᠭᠠᠭᠤᠯᠤᠭᠴᠢ ᠶᠢ ᠪᠠᠶᠢᠭ᠎ᠠ ᠶᠡᠭᠡ ᠳᠡᠭᠡᠳᠦ ᠰᠤᠷᠭᠠᠭᠤᠯᠢ ︵ᠪᠤᠶᠤ ᠳᠠᠳᠤᠯᠭ᠎ᠠ ᠶᠢᠨ ᠨᠢᠭᠡᠴᠡ︶ ᠨᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠂ ᠲᠣᠰ ᠬᠤᠭᠤᠴᠠᠭᠠᠨ ᠤ ᠪᠤᠰᠤ ᠲᠡᠭᠦᠰᠬᠦ ᠰᠢᠯᠭᠠᠭᠤᠯᠤᠭᠴᠢ ᠶᠢ ᠪᠠᠶᠢᠭ᠎ᠠ ᠨᠢᠭᠡᠴᠡ ︵ᠪᠤᠶᠤ ᠬᠡᠷᠡᠭ ᠡᠷᠬᠢᠯᠡᠬᠦ ᠭᠠᠵᠠᠷ ᠵᠡᠷᠭᠡ︶ ᠨᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃      ᠱᠠᠭᠠᠷᠳᠠᠯᠭ᠎ᠠ ᠶᠣᠰᠣᠭᠠᠷ᠂ ᠰᠢᠯᠭᠠᠭᠤᠯᠤᠭᠰᠠᠳ ︽ᠮᠥᠩᠬᠡ ᠰᠤᠪᠠᠭ︾ ᠪᠤᠶᠤ ︽ᠦᠪᠦᠷ ᠮᠤᠩᠭᠤᠯ ᠤᠨ ᠡᠷᠡᠭᠦᠯ ᠮᠡᠡᠲᠦ︾ App ᠢ ᠪᠠᠭᠤᠯᠭᠠᠨ ᠠᠪᠴᠤ᠂ ︽ᠡᠷᠡᠭᠦᠯ ᠮᠡᠨᠳᠦ ᠶᠢᠨ ᠺᠣᠳ᠋︾ ᠢ ᠭᠤᠶᠤᠴᠢᠯᠠᠨ ᠠᠪᠴᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠶᠢ ᠬᠢᠨᠠᠮᠠᠭᠠᠶ ᠰᠠᠶᠢᠲᠤᠷ ᠬᠢᠵᠦ᠂ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠠᠮᠠᠷ ᠪᠥᠭᠯᠡᠷᠡᠬᠦ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠰᠢᠯᠭᠠᠭᠤᠯᠤᠭᠰᠠᠳ ︽2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠰᠢᠯᠭᠠᠭᠤᠯᠤᠭᠴᠢ ᠶᠢᠨ ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ︾ ᠢ ᠲᠠᠭᠯᠠᠬᠤ ᠴᠢᠬᠤᠯᠠᠲᠠᠶ᠃ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ ᠴᠡᠭ ᠲᠤ ᠣᠷᠣᠬᠤ ᠳᠤ᠂ ᠲᠣᠰ ᠬᠥᠮᠦᠨ ᠤ ᠨᠤᠭᠤᠭᠠᠨ ᠦᠡᠭᠭᠡ ᠲᠠᠢ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠵᠤ ᠦᠵᠡᠭᠦᠯᠭᠦ ᠪᠦᠭᠡᠳ ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ᠢᠶᠠᠨ ᠳᠡᠭᠡᠭᠰᠢ ᠲᠤᠰᠢᠶᠠᠬᠤ ᠬᠡᠷᠡᠭᠲᠡᠶ᠃      ᠰᠢᠯᠭᠠᠯᠲᠠ ᠶᠢᠨ ᠴᠠᠭ ᠨᠢ 2020 ᠣᠨ ᠤ 12 ᠰᠠᠷ᠎ᠠ ᠶᠢᠨ 26 ᠤ ᠡᠳᠦᠷ ᠠᠴᠠ 28 ᠤ ᠡᠳᠦᠷ ︵ᠡᠳᠦᠷ ᠪᠦᠷᠢ ᠶᠢᠨ ᠦᠳᠡ ᠶᠢᠨ ᠡᠮᠦᠨᠡᠭᠢ 8᠄ 30 — 11᠄ 30᠂ ᠦᠳᠡ ᠶᠢᠨ ᠬᠤᠶᠢᠨᠠᠭᠢ 14᠄ 00 — 17᠄ 00︶ ᠪᠣᠯᠤᠨ᠎ᠠ᠃ 3 ᠴᠠᠭ ᠠᠴᠠ ᠬᠡᠲᠦᠷᠡᠭᠰᠡᠨ ᠰᠢᠯᠭᠠᠯᠲᠠ ᠶᠢᠨ ᠬᠢᠴᠢᠶᠡᠯ ᠲᠦᠷᠦᠯ ᠢ 12 ᠰᠠᠷ᠎ᠠ ᠶᠢᠨ 28 ᠤ ᠡᠳᠦᠷ ᠶᠠᠪᠤᠭᠳᠠᠭᠤᠯᠤᠨ᠎ᠠ ︵ᠡᠬᠢᠯᠡᠬᠦ ᠴᠠᠭ ᠨᠢ 8᠄ 30᠂ ᠳᠠᠭᠤᠰᠬᠤ ᠴᠠᠭ ᠢ ᠰᠤᠷᠤᠭᠴᠢ ᠡᠯᠰᠡᠬᠦ ᠨᠢᠭᠡᠴᠡ ᠠᠴᠠ ᠲᠣᠭᠲᠠᠭᠠᠨ᠎ᠠ᠂ 14᠄ 30 ᠠᠴᠠ ᠬᠡᠲᠦᠷᠡᠭᠦᠯᠬᠦ ᠦᠭᠡᠶ︶᠃ ᠠᠳᠠᠭ ᠲᠠᠭᠠᠨ ᠰᠢᠯᠭᠠᠯᠲᠠ ᠡᠬᠢᠯᠡᠬᠦ ᠠᠴᠠ ᠬᠠᠭᠠᠰ ᠴᠠᠭ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠭᠦ ᠬᠡᠷᠡᠭᠲᠡᠢ᠃ ᠰᠢᠯᠭᠠᠯᠲᠠ ᠡᠬᠢᠯᠡᠭᠰᠡᠨ 15 ᠮᠢᠨᠦ᠋ᠲ ᠤᠨ ᠳᠠᠷᠠᠭ᠎ᠠ᠂ ᠬᠤᠵᠢᠮᠳᠠᠭᠰᠠᠨ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠵᠤ ᠲᠤᠰ ᠬᠢᠴᠢᠶᠡᠯ ᠲᠦᠷᠦᠯ ᠤᠨ ᠰᠢᠯᠭᠠᠯᠳᠠ ᠳᠤ ᠤᠷᠤᠯᠴᠠᠵᠤ ᠪᠣᠯᠬᠤ ᠥᠬᠡᠶ᠃      ᠰᠢᠯᠭᠠᠭᠤᠯᠤᠭᠴᠢ 2020 ᠣᠨ ᠤ 12 ᠰᠠᠷ᠎ᠠ ᠶᠢᠨ 12 ᠤᠨ ᠡᠳᠦᠷ ︵︽ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠶᠢᠨ ᠨᠡᠪᠲᠡᠷᠡᠬᠦ ᠴᠠᠭ ᠢᠶᠠᠷ ᠪᠠᠷᠢᠮᠵᠢᠶ᠎ᠠ ᠪᠣᠯᠭᠠᠨ᠎ᠠ︶ ᠠᠴᠠ ᠡᠬᠢᠯᠡᠨ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠳᠤ ᠣᠷᠣᠵᠤ ︽ᠰᠢᠯᠭᠠᠭᠤᠯᠬᠤ ᠦᠨᠡᠮᠯᠡᠯ︾᠂ ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠶᠢ ᠥᠪᠡᠰᠦᠪᠡᠨ ᠪᠠᠭᠤᠯᠭᠠᠨ ᠠᠪᠴᠤ ᠲᠠᠷᠤᠮᠠᠯᠯᠠᠨ᠎ᠠ︔ ︽ᠰᠢᠯᠭᠠᠭᠤᠯᠬᠤ ᠦᠨᠡᠮᠯᠡᠯ︾ ᠪᠠ ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠶᠢ A4 ᠬᠡᠪ ᠤᠨ ᠴᠠᠭᠠᠨ ᠴᠠᠭᠠᠰᠤ ᠪᠠᠷ ᠳᠠᠷᠤᠮᠠᠯᠯᠠᠵᠤ᠂ ᠨᠢᠭᠤᠷ ᠲᠠᠯ᠎ᠠ ᠪᠠ ᠠᠷᠤ ᠲᠠᠯ᠎ᠠ ᠶᠢ ᠨᠢ ᠬᠡᠷᠡᠭᠯᠡᠬᠦ ᠬᠤᠭᠤᠴᠠᠭᠠᠨ ᠳᠤ ᠪᠠᠯᠠᠯᠤᠨ ᠵᠠᠰᠠᠬᠤ ᠪᠤᠶᠤ ᠦᠰᠦᠭ ᠪᠢᠴᠢᠵᠦ ᠪᠣᠯᠬᠤ ᠥᠬᠡᠶ᠃ ᠰᠢᠯᠭᠠᠭᠤᠯᠤᠭᠴᠢ ᠬᠠᠮᠢᠶ᠎ᠠ ᠪᠥᠬᠦᠶ ᠦᠨᠡᠮᠯᠡᠯ ᠢᠶᠠᠨ ᠰᠠᠶᠢᠲᠤᠷ ᠪᠡᠯᠡᠳᠬᠡᠵᠦ᠂ ᠬᠦᠴᠦᠨ ᠪᠥᠬᠦᠶ ᠪᠡᠶ᠎ᠡ ᠶᠢᠨ ᠦᠨᠡᠮᠯᠡᠯ᠂ ︽ᠰᠢᠯᠭᠠᠭᠤᠯᠬᠤ ᠦᠨᠡᠮᠯᠡᠯ︾ ᠪᠠ ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠪᠠᠷ ᠢᠶᠠᠨ ᠰᠢᠯᠭᠠᠯᠲᠠ ᠶᠢᠨ ᠴᠡᠭ ᠤᠨ ᠲᠣᠬᠢᠷᠠᠭᠤᠯᠤᠯᠲᠠ ᠶᠣᠰᠣᠭᠠᠷ ᠰᠢᠯᠭᠠᠯᠲᠠ ᠶᠢᠨ ᠲᠠᠯᠠᠪᠦᠷ ᠲᠤ ᠤᠷᠤᠵᠤ ᠠᠵᠢᠯᠲᠠᠨ ᠤ ᠲᠣᠭᠲᠠᠭᠠᠯ ᠶᠣᠰᠣᠭᠠᠷ ᠬᠢᠵᠦ ᠪᠠᠶᠢᠭ᠎ᠠ ᠪᠡᠶ᠎ᠡ ᠶᠢᠨ ᠬᠠᠯᠠᠭᠤᠨ ᠤ ᠬᠡᠮᠵᠢᠯᠲᠡ᠂ ᠪᠡᠶ᠎ᠡ ᠬᠡᠮ ᠤᠨ ᠰᠢᠯᠭᠠᠨ ᠪᠠᠳᠤᠯᠠᠯᠳᠠ ᠪᠠ ᠠᠮᠤᠷ ᠲᠦᠪᠰᠢᠨ ᠤ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠰᠢᠯᠭᠠᠯᠲᠠ ᠶᠢᠨ ᠴᠡᠭ ᠠᠴᠠ ᠰᠠᠭᠠᠷᠮᠠᠭ ᠪᠡᠭᠡᠲᠦ ᠪᠢᠷ᠂ ᠪᠢᠷ ᠤᠨ ᠭᠤᠤᠯ᠂ ᠠᠰ ᠱᠤᠭᠤᠮ᠂ ᠪᠠᠯᠠᠯᠤᠭᠤᠷ᠂ ᠪᠢᠴᠢᠭ ᠤᠨ ᠬᠡᠷᠡᠭᠰᠡᠯ ᠤᠨ ᠤᠭᠤᠲᠠ ᠶᠢ ᠨᠢᠭᠡᠳᠦᠯᠲᠡᠶ ᠲᠣᠬᠢᠷᠠᠭᠤᠯᠬᠤ ᠲᠤᠯᠠ ᠰᠢᠯᠭᠠᠭᠤᠯᠤᠭᠴᠢ ᠳᠡᠭᠡᠷ᠎ᠡ ᠳᠤᠷᠠᠳᠤᠭᠰᠠᠨ ᠪᠢᠴᠢᠭ ᠤᠨ ᠬᠡᠷᠡᠭᠰᠡᠯ ᠢ ᠥᠪᠡᠰᠦᠪᠡᠨ ᠠᠪᠴᠤ ᠤᠷᠤᠵᠤ ᠪᠣᠯᠬᠤ ᠥᠬᠡᠶ᠃ ᠰᠢᠯᠭᠠᠯᠲᠠ ᠶᠢᠨ ᠬᠢᠴᠢᠶᠡᠯ ᠲᠥᠷᠥᠯ ᠤᠨ ᠬᠡᠷᠡᠭᠴᠡᠭᠡ ᠶᠢ ᠦᠨᠳᠦᠰᠦᠯᠡᠨ᠂ ᠰᠢᠯᠭᠠᠭᠤᠯᠤᠭᠴᠢ 2B ᠬᠠᠷᠠᠨᠳᠠ᠂ ᠭᠤᠷᠲᠢᠭ᠂ ᠭᠤᠷᠪᠠᠯᠵᠢᠨ ᠬᠠᠪᠲᠠᠰᠤ᠂ ᠪᠢᠷ ᠵᠣᠷᠭᠤᠬᠤ ᠬᠢᠲᠤᠭ᠎ᠠ ᠵᠢᠴᠢ ᠦᠪᠡᠰᠦᠪᠡᠨ ᠰᠡᠳᠤᠪ ᠲᠤᠬᠳᠠᠭᠠᠬᠤ ᠬᠢᠴᠢᠶᠡᠯ ᠲᠦᠷᠦᠯ ᠤᠨ ᠵᠢᠵᠢᠭ ᠵᠠᠬᠢᠳᠠᠯ ᠤᠨ ᠤᠭᠤᠳᠠ ᠶᠢ ᠪᠢᠲᠡᠭᠦᠮᠵᠢᠯᠡᠬᠦ ᠨᠠᠭᠠᠯᠲᠠ ︵ᠭᠤᠮ ᠰᠠᠪᠠᠭ᠎ᠠ︶ ᠵᠡᠷᠭᠡ ᠴᠢᠬᠤᠯᠠ ᠪᠥᠬᠦᠶ ᠰᠢᠯᠭᠠᠯᠲᠠ ᠶᠢᠨ ᠪᠠᠭᠠᠵᠢ ᠶᠢ ᠠᠪᠴᠤ ᠤᠷᠤᠵᠤ ᠪᠣᠯᠤᠨ᠎ᠠ᠃      ᠲᠠᠨᠢᠯᠴᠠᠭᠤᠯᠤᠭᠰᠠᠨ ᠢᠶᠠᠷ᠂ ᠲᠠᠷᠢᠶᠠᠯᠠᠩ ᠤᠨ ᠤᠬᠠᠭᠠᠨ ᠤ ᠲᠥᠷᠥᠯ ᠤᠨ ᠬᠠᠮᠲᠤᠷᠠᠭᠰᠠᠨ ᠰᠢᠯᠭᠠᠯᠲᠠ ᠶᠢᠨ ᠬᠢᠮᠢ ︵ᠬᠢᠴᠢᠶᠡᠯ ᠲᠥᠷᠥᠯ ᠤᠨ ᠺᠣᠳ᠋ ᠨᠢ 315︶ ᠶᠢᠨ ᠰᠢᠯᠭᠠᠯᠳᠠ ᠳᠤ ᠲᠣᠯᠢ ᠪᠢᠴᠢᠭ ᠪᠠ ᠺᠤᠳ᠋ ᠨᠠᠶᠢᠷᠠᠭᠤᠯᠬᠤ ᠴᠢᠳᠠᠮᠵᠢ ᠦᠭᠡᠢ᠂ ᠯᠤᠭᠠᠷ ᠵᠢᠴᠢ ᠵᠡᠷᠭᠡᠲᠦ ᠶᠢᠨ ᠢᠯᠡᠳᠭᠡᠭᠴᠢ ᠶᠢᠨ ᠪᠤᠳᠤᠯᠭ᠎ᠠ ᠶᠢᠨ ᠴᠢᠳᠠᠮᠵᠢ ᠪᠥᠬᠦᠶ ᠰᠢᠨᠵᠢᠯᠡᠬᠦ ᠤᠬᠠᠭᠠᠨ ᠤ ᠪᠣᠳᠣᠭᠤᠷ ᠢ ᠠᠪᠴᠤ ᠬᠡᠷᠡᠭᠯᠡᠵᠦ ᠪᠣᠯᠤᠨ᠎ᠠ᠂ ᠪᠤᠰᠤᠳ ᠨᠢᠭᠡᠳᠦᠯᠲᠡᠶ ᠰᠢᠯᠭᠠᠯᠲᠠ ᠵᠢᠴᠢ ᠬᠠᠮᠲᠤᠷᠠᠭᠰᠠᠨ ᠰᠢᠯᠭᠠᠯᠲᠠ ᠶᠢᠨ ᠬᠢᠴᠢᠶᠡᠯ ᠲᠥᠷᠥᠯ ᠳᠤ ᠪᠣᠳᠣᠭᠤᠷ ᠬᠡᠷᠡᠭᠯᠡᠬᠦ ᠶᠢ ᠵᠥᠪᠰᠢᠶᠡᠷᠡᠬᠦ ᠥᠬᠡᠶ︔ ᠰᠣᠷᠣᠭᠴᠢ ᠡᠯᠰᠡᠬᠦ ᠨᠢᠭᠡᠴᠡ ᠶᠢᠨ ᠥᠪᠡᠰᠤᠪᠠᠠ ᠭᠠᠷᠭᠠᠭᠰᠠᠨ ᠰᠡᠳᠦᠪ ᠲᠤ ᠪᠣᠳᠣᠭᠤᠷ ᠬᠡᠷᠡᠭᠯᠡᠬᠦ ᠶᠢ ᠵᠥᠪᠰᠢᠶᠡᠷᠡᠬᠦ ᠡᠰᠡᠬᠦ ᠲᠤᠬᠠᠶ ᠰᠢᠯᠭᠠᠭᠤᠯᠤᠭᠴᠢ ︽ᠰᠢᠯᠭᠠᠭᠤᠯᠬᠤ ᠦᠨᠡᠮᠯᠡᠯ︾ ᠳᠡᠭᠡᠷᠡᠬᠢ ︽ᠰᠣᠷᠣᠭᠴᠢ ᠡᠯᠰᠡᠬᠦ ᠨᠢᠭᠡᠴᠡ ᠶᠢᠨ ᠲᠣᠳᠣᠷᠬᠠᠶᠢᠯᠠᠯᠲᠠ︾ ᠶᠢ ᠤᠷᠢᠳᠠᠪᠠᠷ ᠪᠠᠶᠢᠴᠠᠭᠠᠨ ᠦᠵᠡᠬᠦ ᠬᠡᠷᠡᠭᠲᠡᠶ᠃      ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠰᠢᠯᠭᠠᠭᠤᠯᠤᠬᠰᠠᠳ ᠦᠨᠡᠨᠴᠢ ᠢᠲᠡᠭᠡᠮᠵᠢ ᠶᠢᠨ ᠤᠬᠠᠮᠰᠠᠷ ᠢ ᠦᠨᠡᠨ ᠬᠦ ᠪᠣᠶ ᠪᠣᠯᠭᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠯᠭᠠᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠰᠢᠯᠭᠠᠯᠲᠠ ᠶᠢᠨ ᠴᠡᠭ ᠤᠨ ᠬᠠᠮᠢᠶᠠᠷᠤᠯᠲᠠ ᠶᠢ ᠳᠠᠭᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠢᠯᠭᠠᠯᠲᠠ ᠶᠢᠨ ᠲᠠᠯᠠᠪᠤᠷ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ᠃ ᠰᠢᠯᠭᠠᠯᠲᠠ ᠳᠤ ᠲᠣᠭᠲᠠᠭᠠᠯ ᠠᠴᠠ ᠵᠥᠷᠢᠴᠡᠨ ᠬᠡᠮ ᠬᠢᠭᠰᠡᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠨ᠎ᠡ᠃http://mongol.people.com.cn/15832121.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ