ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ 500 ᠲᠦᠮᠡᠨᠲᠥᠭᠦᠷᠢᠭ ᠨᠡᠮᠡᠨ ᠪᠠᠭᠤᠯ᠊
ᠨᠡᠶᠢᠲᠡᠯᠡᠭᠰᠡᠨ ᠴᠠᠭ᠄
2020-02-18
       ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠡᠮᠦᠨᠡᠭᠡᠨ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 500 ᠲᠦᠮᠡᠨ ᠲᠥᠭᠦᠷᠢᠭ ᠤᠨ ᠪᠠᠯᠠ ᠮᠥᠩᠭᠦ ᠶᠢ ᠪᠠᠴᠢᠮ ᠨᠡᠮᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ ᠬᠤᠳᠠᠯᠳᠤᠨ ᠠᠪᠴᠤ᠂ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠬᠦ ᠲᠤ ᠬᠡᠷᠡᠭᠯᠡᠭᠰᠡᠨ ᠪᠠᠶᠢᠨ᠎ᠠ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠠᠴᠢᠮ ᠶᠠᠪᠤᠳᠠᠯ ᠢ ᠪᠠᠴᠢᠮ  ᠰᠢᠢᠳᠪᠦᠷᠢᠯᠡᠬᠦ᠂ ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ︾ ᠵᠠᠷᠴᠢᠮ ᠢ ᠬᠡᠷᠡᠭᠯᠡᠭᠰᠡᠨ ᠪᠠᠶᠢᠨ᠎ᠠ᠃ ᠣᠶᠢᠷ᠎ᠠ ᠳᠤ᠂ ᠡᠳ᠋ ᠤᠨ ᠵᠠᠰᠠᠭ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ᠨᠡᠶᠢᠲᠡ 1750 ᠲᠦᠮᠡᠨ ᠲᠥᠭᠦᠷᠢᠭ ᠪᠠᠭᠤᠯᠭᠠᠨ ᠥᠭᠴᠡᠶ᠂ ᠡᠭᠦᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ 650 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠨ᠂ ᠡᠯ᠎ᠡ ᠰᠢᠶᠠᠩ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 1100 ᠲᠦᠮᠡᠨ ᠲᠥᠭᠦᠷᠢᠭ ᠪᠠᠭᠤᠯᠭᠠᠨ ᠦᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号