ᠬᠥᠬᠡᠬᠤᠲᠠ ᠪᠣᠭᠤᠮᠲᠠ  ︽ᠠᠭᠤᠯᠵᠠᠬᠤ ᠥᠬᠡᠶ ᠪᠠᠷ︾ ᠠᠵᠢᠯ ᠬᠦᠢᠴᠡᠳᠭᠡᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2020-02-18
       ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠣᠤ ᠶᠠᠨ︶ ᠠᠵᠤ ᠠᠬᠤᠶᠢᠯᠠᠯ ᠤᠳ ᠤᠨ ᠬᠢᠵᠢᠭ ᠤᠨ  ᠪᠠᠶᠢᠳᠠᠯ ᠠᠴᠠ ᠪᠣᠯᠣᠭᠰᠠᠨ ᠠᠵᠢᠯ ᠬᠦᠢᠴᠡᠳᠭᠡᠬᠦ ᠳᠤ ᠳᠥᠭᠦᠮ ᠦᠭᠡᠢ  ᠪᠠᠶᠢᠭ᠎ᠠ ᠪᠡᠷᠭᠡ ᠲᠦᠪᠡᠭ ᠢ ᠲᠤᠭᠤᠯᠬᠤ ᠳᠤ   ᠨᠢ ᠲᠤᠰᠠᠯᠠᠬᠤ ᠶᠢᠨ ᠲᠥᠯᠥᠭᠡ  ᠂  ᠬᠦᠬᠡᠬᠤᠲᠠ ᠪᠣᠭᠤᠮᠲᠠ ︽ᠠᠭᠤᠯᠵᠠᠬᠤ ᠦᠭᠡᠢ ᠪᠠᠷ︾ ᠠᠵᠢᠯ ᠭᠦᠢᠴᠡᠳᠭᠡᠬᠦ  ᠶᠢ ᠬᠡᠷᠡᠭᠵᠢᠭᠦᠯᠵᠦ᠂ ᠵᠠᠷᠴᠢᠮ ᠲᠡᠭᠡᠷ᠎ᠡ ᠪᠠᠨ ︽ ᠨᠢᠭᠡᠯᠡ ᠤᠳᠠᠭ᠎ᠠ ᠳᠤ  ᠭᠦᠢᠴᠡᠳᠭᠡᠬᠦ︾  ᠪᠤᠯᠭᠠᠵᠠᠢ᠃ ᠠᠵᠤ ᠠᠬᠤᠶᠢᠯᠠᠯ ᠤᠨ ᠢᠨᠲ᠋ᠧᠷ ᠰᠦᠯᠵᠢᠶ᠎ᠡ ᠶᠢ ᠡᠩ ᠲᠡᠷᠢᠭᠦᠨ ᠳᠤ ᠬᠡᠷᠡᠭᠯᠡᠨ ᠠᠵᠢᠯ ᠬᠦᠢᠴᠡᠳᠭᠡᠬᠦ ᠶᠢ ᠳᠡᠮᠵᠢᠵᠦ᠂ ︽ᠠᠵᠤ ᠠᠬᠤᠶᠢᠯᠠᠯ ᠤᠨ ᠬᠡᠷ ᠪᠦᠯᠢ︾ ᠵᠡᠷᠭᠡ ᠸᠢᠴᠠᠲ ᠤᠨ ᠴᠤᠭᠯᠠᠷᠠᠯ ᠳᠤ ᠲᠦᠰᠢᠭᠯᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ  ᠵᠢᠯᠤᠭᠤᠳᠤᠮᠵᠢ ᠶᠢᠨ ᠦᠢᠯᠡᠴᠢᠯᠡᠭᠡ ᠶᠢ ᠰᠠᠶᠢᠲᠤᠷ ᠬᠢᠵᠦ᠂ ︽ᠴᠡᠭ ᠲᠤ ᠴᠡᠭ  ︾ ᠮᠠᠶ᠋ᠢᠭ ᠢᠶᠠᠷ ᠣᠨᠴᠠᠭᠠᠶ ᠴᠠᠭ ᠦᠶ᠎ᠡ ᠳᠤ ᠠᠵᠤ ᠠᠬᠤᠶᠢᠯᠠᠯ ᠤᠨ  ᠪᠣᠭᠤᠮᠲᠠ ᠪᠠᠷ ᠤᠷᠤᠭᠰᠢᠲᠠᠶ ᠥᠩᠭᠡᠷᠡᠬᠦ ᠶᠢ ᠪᠠᠳᠤᠯᠠᠵᠤ  ᠪᠠᠶᠢᠨ᠎ᠠ᠃      ᠬᠥᠬᠡᠬᠤᠲᠠ ᠪᠣᠭᠤᠮᠲᠠ ᠨᠢ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠠᠭᠠᠨ ᠢᠳᠡᠪᠬᠢᠲᠡᠶ ᠪᠠᠷ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠣᠭᠤᠮᠲᠠ ᠠᠴᠠ ᠡᠳ᠋ ᠪᠠᠷᠠᠭ᠎ᠠ ᠶᠢ ᠪᠠᠶᠢᠴᠠᠭᠠᠨ  ᠰᠢᠯᠭᠠᠬᠤ ᠳᠤ ᠪᠠᠷᠠᠭ᠎ᠠ ᠭᠥᠯᠢᠶᠡᠨ ᠠᠪᠬᠤ ᠪᠠ ᠶᠠᠪᠤᠭᠤᠯᠬᠤ ᠬᠥᠮᠦᠨ ᠲᠤᠬᠠᠶ ᠶᠢᠨ ᠲᠠᠯᠠᠪᠤᠷ ᠲᠤ ᠬᠦᠷᠬᠦ ᠦᠭᠡᠢ ᠳᠤ ᠪᠣᠯᠬᠤ ᠰᠢᠨ᠎ᠡ ᠠᠷᠭ᠎ᠠ ᠬᠡᠮᠵᠢᠶ᠎ᠡ ᠶᠢ ᠭᠡᠷᠡᠭᠵᠢᠬᠦᠯᠦᠭᠰᠡᠨ ᠪᠠᠶᠢᠨ᠎ᠠ᠃ ᠪᠠᠷᠠᠭ᠎ᠠ ᠬᠦᠯᠢᠶᠡᠠ ᠠᠪᠬᠤ ᠪᠠ ᠶᠠᠪᠤᠭᠤᠯᠬᠤ ᠬᠥᠮᠦᠨ ᠰᠢᠭᠤᠳ  ᠪᠠᠷᠠᠭ᠎ᠠ ᠶᠢ ᠬᠠᠳᠠᠭᠠᠯᠠᠵᠤ ᠪᠠᠶᠢᠭ᠎ᠠ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠭᠠᠵᠠᠷ ᠤᠨ ᠡᠵᠡᠩᠨᠡᠭᠴᠢ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠤᠨ ᠬᠠᠷᠢᠭᠤᠴᠠᠯᠭᠠᠳᠠᠨ ᠵᠡᠷᠭᠡ ᠬᠦᠮᠦᠰ ᠲᠤ ᠲᠤᠬᠠᠢ ᠶᠢᠨ ᠲᠠᠯᠠᠪᠤᠷ ᠲᠤ ᠬᠦᠷᠴᠦ ᠪᠣᠭᠤᠮᠲᠠ ᠶᠢᠨ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠶᠢ ᠨᠠᠶᠢᠳᠠᠵᠤ ᠪᠣᠯᠤᠨ᠎ᠠ︔ ᠡᠰᠡᠬᠦᠯ᠎ᠡ ᠢᠮᠧᠯ᠂ ᠡᠯᠧᠺᠲᠷᠣᠨ ᠲᠠᠪᠴᠠᠩ ᠵᠡᠷᠭᠡ ᠠᠷᠭ᠎ᠠ ᠮᠠᠶ᠋ᠢᠭ ᠢᠶᠠᠷ  ᠪᠤᠭᠤᠮᠳᠠ ᠳᠤ ᠬᠦᠷᠴᠦ ᠴᠢᠳᠠᠬᠤ ᠦᠭᠡᠢ ᠪᠠᠨ ᠮᠡᠳᠡᠭᠳᠡᠵᠦ᠂ ᠪᠣᠭᠤᠮᠲᠠ ᠠᠴᠠ ᠬᠤᠯᠪᠣᠭᠳᠠᠯ ᠪᠦᠬᠦᠢ  ᠨᠢᠭᠡᠴᠡ ᠶᠢ ᠵᠤᠬᠢᠴᠠᠭᠤᠯᠵᠤ ᠪᠠᠶᠢᠭᠠᠳ ᠪᠠᠶᠢᠴᠠᠭᠠᠨ ᠰᠢᠯᠭᠠᠬᠤ ᠳᠤ ᠬᠠᠮᠵᠢᠯᠴᠠᠭᠤᠯᠵᠤ ᠪᠤᠯᠤᠨ᠎ᠠ᠃ ᠪᠠᠷᠠᠭ᠎ᠠ ᠬᠦᠯᠢᠶᠡᠠ ᠠᠪᠬᠤ  ᠪᠠ ᠶᠠᠪᠤᠭᠤᠯᠬᠤ ᠬᠥᠮᠦᠨ ᠨᠢ ᠬᠤᠯᠪᠣᠭᠳᠠᠯ ᠪᠦᠬᠦᠢ ᠮᠠᠲ᠋ᠧᠷᠢᠶᠠᠯ ᠬᠠᠩᠭᠠᠵᠤ ᠪᠤᠭᠤᠮᠳᠠ ᠶᠢᠨ ᠰᠢᠯᠭᠠᠨ ᠪᠠᠶᠢᠴᠠᠭᠠᠬᠤ ᠳᠤ ᠬᠠᠮᠵᠢᠯᠴᠠᠬᠤ ᠴᠢᠬᠤᠯᠠᠲᠠᠶ ᠪᠣᠯ᠂ ᠪᠠᠷᠠᠭ᠎ᠠ ᠬᠦᠯᠢᠶᠡᠠ ᠠᠪᠬᠤ ᠪᠠ ᠶᠠᠪᠤᠭᠤᠯᠬᠤ ᠬᠥᠮᠦᠨ ᠨᠢ ᠢᠮᠧᠯ ᠵᠡᠷᠭᠡ ᠠᠷᠭ᠎ᠠ ᠮᠠᠶ᠋ᠢᠭ ᠢᠶᠠᠷ ᠪᠣᠭᠤᠮᠲᠠ ᠳᠤ ᠬᠤᠯᠪᠣᠭᠳᠠᠯ ᠪᠦᠬᠦᠢ ᠮᠠᠲ᠋ᠧᠷᠢᠶᠠᠯ ᠤᠨ ᠲᠠᠮᠠᠭ᠎ᠠ ᠳᠠᠷᠤᠭᠰᠠᠨ ᠰᠢᠷᠪᠢᠯᠲᠡ ᠶᠢᠨ ᠵᠦᠢᠯ ᠢ ᠢᠯᠡᠭᠡᠵᠦ ᠪᠣᠯᠤᠨ᠎ᠠ᠃ ᠪᠠᠶᠢᠴᠠᠭᠠᠨ ᠰᠢᠯᠭᠠᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠣᠭᠤᠮᠲᠠ ᠶᠢᠨ ᠬᠢᠨᠠᠨ ᠬᠠᠮᠢᠶᠠᠷᠬᠤ  ᠠᠵᠢᠯ ᠤᠨ ᠲᠠᠯᠠᠪᠤᠷ ᠭᠠᠵᠠᠷ ᠤᠨ ᠡᠵᠡᠩᠨᠡᠭᠴᠢ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠤᠨ ᠬᠠᠷᠢᠭᠤᠴᠠᠯᠭᠠᠲᠠᠨ ᠵᠡᠷᠭᠡ ᠬᠦᠮᠦᠰ ᠪᠠᠶᠢᠴᠠᠭᠠᠨ ᠰᠢᠯᠭᠠᠭᠰᠠᠨ ᠲᠡᠮᠳᠡᠭᠯᠡᠯ ᠳᠡᠭᠡᠷ᠎ᠡ ᠭᠠᠷ ᠤᠨ ᠦᠰᠦᠭ ᠵᠢᠷᠤᠵᠤ ᠨᠤᠳᠠᠯᠠᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号