ᠦᠴᠤᠸᠠᠨ ᠰᠢᠶᠠᠨ ᠤ ᠪᠥᠸᠧ ᠠᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠳᠠᠷᠤᠭ᠎ᠠ ᠰᠢᠤᠢ ᠷᠦᠨ ᠫᠢᠩ ᠤᠨ ᠵᠣᠯ ᠪᠤᠰᠤ ᠪᠠᠷ ᠨᠠᠰᠤ ᠪᠠᠷᠠᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2020-02-21
     ᠰᠢᠤᠢ ᠷᠦᠨ ᠫᠢᠩ᠂ ᠡᠷᠡᠭᠲᠡᠶ᠂ ᠬᠢᠲᠠᠳ ᠦᠨᠳᠦᠰᠦᠲᠡᠨ᠂ 45 ᠨᠠᠰᠤᠲᠠᠶ᠂ ᠦᠴᠤᠸᠠᠨ ᠰᠢᠶᠠᠨ ᠤ ᠪᠥᠸᠧ ᠠᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠳᠠᠷᠤᠭ᠎ᠠ᠃ 2020 ᠣᠨ ᠤ 2 ᠰᠠᠷ᠎ᠠ ᠶᠢᠨ 20 ᠤ ᠡᠳᠦᠷ ᠤᠨ ᠥᠷᠯᠥᠭᠡ ᠶᠢᠨ 8 ᠴᠠᠭ 10 ᠮᠢᠨᠦ᠋ᠲ ᠲᠤ ᠭᠡᠷ ᠠᠴᠠ ᠪᠠᠨ ᠭᠠᠷᠴᠤ ᠢᠷᠡᠭᠡᠳ᠂ ᠥᠪᠡᠷ ᠢᠶᠠᠨ ᠮᠠᠰᠢᠨ ᠵᠢᠯᠣᠭᠤᠳᠴᠤ ᠦᠴᠤᠸᠠᠨ ᠰᠢᠶᠠᠨ ᠤ ᠶᠠᠩ ᠭᠤᠸᠠᠩ ᠰᠢᠶᠤᠤ ᠵᠧᠨ ᠵᠡᠷᠭᠡ 8 ᠬᠢᠵᠢᠭ ᠢ ᠰᠡᠷᠭᠡᠶᠢᠯᠡᠬᠦ ᠴᠡᠭ ᠲᠤ ᠬᠦᠷᠴᠦ ᠲᠣᠰ ᠨᠡᠶᠢᠭᠡᠮᠯᠢᠭ ᠤᠨ ᠰᠠᠶᠢᠨ ᠲᠤᠷᠠᠴᠤᠳ ᠤᠨ ᠵᠢᠵᠢᠭᠦᠷᠯᠡᠵᠦ ᠪᠠᠶᠢᠭ᠎ᠠ  ᠪᠠᠶᠢᠳᠠᠯ ᠪᠠ ᠡᠭᠡᠯᠵᠢ ᠲᠤᠰᠢᠶᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠥᠷᠯᠥᠭᠡ ᠶᠢᠨ 8 ᠴᠠᠭ 26 ᠮᠢᠨᠦ᠋ᠲ ᠲᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠡᠷ ᠪᠦᠯᠢ ᠶᠢᠨ ᠰᠠᠭᠤᠭᠠᠯᠢ ᠠᠰᠠᠷ ᠤᠨ ᠬᠢᠵᠢᠭ ᠢ ᠰᠡᠷᠭᠡᠶᠢᠯᠡᠬᠦ ᠴᠡᠭ ᠢ ᠪᠠᠶᠢᠴᠠᠭᠠᠨ  ᠦᠵᠡᠬᠦ ᠦᠶ᠎ᠡ ᠳᠤ ᠭᠡᠨᠡᠳᠲᠡ ᠶᠢᠨ ᠴᠢᠨᠠᠷᠲᠠᠢ ᠵᠢᠷᠦᠬᠡᠨ ᠡᠪᠡᠳᠴᠢᠨ ᠳᠤ ᠨᠡᠷᠪᠡᠭᠳᠡᠵᠦ᠂ ᠨᠡᠶᠢᠭᠡᠮ ᠲᠣᠭᠤᠷᠢᠭ ᠤᠨ ᠠᠵᠢᠯᠲᠠᠨ ᠪᠠ ᠪᠥᠸᠧ ᠠᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠰᠠᠶᠢᠨ ᠲᠤᠷᠠᠴᠤᠳ ᠲᠡᠷᠡ ᠳᠠᠷᠤᠢ ᠳᠤᠨᠢ ᠲᠦᠷᠭᠡᠨ ᠠᠪᠤᠷᠠᠯᠲᠠ ᠬᠢᠬᠦ ᠶᠢᠨ ᠬᠠᠮᠲᠤ 120 ᠲᠦᠷᠭᠡᠨ ᠠᠪᠤᠷᠠᠯᠳᠠ ᠶᠢ ᠳᠠᠭᠤᠳᠠᠭᠰᠠᠨ ᠪᠠᠶᠢᠨ᠎ᠠ᠃ ᠡᠮᠨᠡᠯᠭᠡ ᠶᠢᠨ ᠠᠵᠢᠯᠲᠠᠨ ᠲᠤᠬᠠᠶ ᠶᠢᠨ ᠲᠠᠯᠠᠪᠤᠷ ᠲᠤ ᠬᠦᠷᠴᠦ ᠵᠢᠷᠦᠬᠡ ᠠᠭᠤᠰᠬᠢ ᠶᠢᠨ ᠰᠡᠷᠭᠦᠭᠡᠯᠲᠡ ᠬᠢᠭᠰᠡᠨ ᠪᠣᠯᠪᠠᠴᠤ ᠠᠪᠤᠷᠠᠯᠲᠠ ᠨᠢ ᠲᠤᠰᠠ ᠪᠣᠯᠤᠭᠰᠠᠨ ᠦᠭᠡᠢ ᠵᠣᠯ ᠪᠤᠰᠤ ᠪᠠᠷ ᠨᠠᠰᠤ ᠪᠠᠷᠠᠪᠠ᠃      ᠦᠴᠤᠸᠠᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤᠯ ᠤᠳᠤᠷᠢᠳᠤᠯᠭ᠎ᠠ ᠨᠠᠷ ᠲᠡᠷᠡ ᠳᠠᠷᠤᠢ ᠳᠤ ᠨᠢ ᠲᠤᠬᠠᠶ ᠶᠢᠨ ᠲᠠᠯᠠᠪᠤᠷ ᠲᠤ ᠬᠦᠷᠴᠦ᠂ ᠪᠠᠴᠢᠮ ᠰᠢᠢᠳᠪᠦᠷᠢᠯᠡᠭᠰᠡᠨ ᠪᠥᠭᠡᠳ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠤᠨ᠂ ᠬᠤᠶᠢᠲᠤᠬᠢ ᠶᠠᠪᠤᠳᠠᠯ ᠢ   ᠨᠢ ᠬᠡᠷᠬᠢᠨ ᠰᠢᠢᠳᠪᠦᠷᠢᠯᠡᠬᠦ ᠲᠤᠬᠠᠢ ᠲᠣᠬᠢᠷᠠᠯᠠᠭᠤᠯᠤᠨ ᠪᠠᠶᠢᠷᠢᠯᠠᠭᠤᠯᠪᠠ᠃ ᠣᠳᠣᠬᠠᠨ ᠳᠤ ᠶᠠᠭ ᠢᠳᠡᠪᠬᠢᠲᠡᠶ ᠠᠬᠢᠭᠤᠯᠵᠤ ᠪᠠᠶᠢᠨ᠎ᠠ                                                   ᠦᠴᠤᠸᠠᠨ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ               ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ                       2020 ᠣᠨ ᠤ 2 ᠰᠠᠷ᠎ᠠ ᠶᠢᠨ 20 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号