ᠶᠦᠨ ᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 151 ᠳ᠋ᠦ᠋ᠭᠡᠷ ᠤᠳᠠᠭ᠎ᠠ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-02-25
     2 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠶ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 151 ᠳ᠋ᠦ᠋ᠭᠡᠷ ᠤᠳᠠᠭ᠎ᠠ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠣᠶᠢᠷ᠎ᠠ ᠶᠢᠨ ᠬᠤᠭᠤᠴᠠᠭᠠᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠦ᠋ ᠸᠧᠨ ᠪᠢᠶᠣᠤ᠂ ᠵᠠᠩ ᠯᠢ ᠰᠢᠶᠠ᠂ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠤᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠥᠪ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠤᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 9 ᠳ᠋ᠦ᠋ᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠃ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠤᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠪᠠ ᠸᠠᠩ ᠯᠢ ᠰᠢᠶᠠ ᠱᠦᠵᠢ ᠶᠢᠨ  ᠬᠦᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠤᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽︿ᠰᠢᠨ᠎ᠡ ᠬᠡᠯᠪᠡᠷᠢ ᠶᠢᠨ ᠲᠢᠲᠢᠮᠯᠢᠭ ᠸᠢᠷᠤᠰ ‍ᠤᠨ‌ᠠᠭᠤᠰᠬᠢᠨ ᠦᠷᠪᠢᠰᠦᠯ﹀  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢᠨ ᠪᠠᠶᠢᠳᠠᠯ ᠤᠨ ᠱᠠᠲᠤ ᠦᠶᠡᠴᠢ ᠴᠢᠨᠠᠷᠲᠠᠶ ᠵᠠᠳᠠᠯᠤᠯᠲᠠ ᠶᠢᠨ ᠲᠤᠬᠠᠶ ᠮᠡᠳᠡᠭᠦᠯᠦᠯᠲᠡ︾᠂ ᠬᠤᠲᠠ ᠶᠢᠨ ᠨᠠᠮ ᠤᠨ  ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ︽ᠡᠷᠬᠢᠨ ᠬᠠᠷᠠᠬᠤ︾ ᠪᠠᠶᠢᠳᠠᠯ ᠤᠨ ᠲᠤᠬᠠᠶ ᠮᠡᠳᠡᠭᠡᠯᠡᠯ︾ ᠢ ᠤᠯᠠᠮᠵᠢᠯᠠᠨ ᠰᠤᠷᠤᠯᠴᠠᠪᠠ᠃      ᠶᠦᠨ ᠬᠠᠢ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠬᠠᠮᠤᠭ ᠤᠨ ᠬᠦᠴᠦᠲᠡᠶ ᠵᠠᠩᠭᠢᠯᠠᠭ᠎ᠠ ᠶᠢᠨ ᠱᠠᠲᠤᠨ ᠳᠤ ᠬᠦᠷᠴᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠶᠢ ᠳᠣᠪᠤᠶᠢᠯᠭᠠᠬᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠲᠥᠷᠥᠯ ᠬᠤᠪᠢᠶᠠᠨ ᠵᠢᠯᠣᠭᠤᠳᠬᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠴᠢᠬᠤᠯᠠ ᠶᠡᠭᠡ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ ᠬᠤᠪᠢᠶᠠᠨ ᠱᠠᠲᠤ ᠬᠤᠪᠢᠶᠠᠨ ᠣᠨᠣᠪᠴᠢᠲᠠᠶ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠰᠣᠬᠤᠷ ᠪᠠᠯᠠᠶ ᠪᠠᠷ ᠬᠡᠳᠦ ᠪᠠᠶᠠᠰᠤᠩᠭᠤᠶ ᠪᠠᠶᠢᠬᠤ ᠰᠡᠳᠬᠢᠯᠭᠡ ᠶᠢ ᠰᠡᠷᠭᠡᠶᠢᠯᠡᠨ ᠬᠤᠷᠢᠭᠯᠠᠬᠤ ᠳᠤ᠂ ᠡᠷᠬᠡᠪᠰᠢ ᠲᠠᠷᠢᠬᠢ ᠲᠣᠯᠣᠭᠠᠶ ᠪᠠᠨ ᠰᠡᠷᠭᠡᠭ ᠪᠠᠶᠢᠯᠠᠭᠠᠵᠤ᠂ ᠵᠣᠷᠢᠭ ᠢᠶᠠᠨ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠣᠨᠣᠪᠴᠢᠲᠠᠶ ᠰᠡᠷᠭᠡᠶᠢᠯᠡᠨ ᠡᠵᠡᠮᠳᠡᠵᠦ᠂ ᠢᠯᠭᠠᠭ᠎ᠠ ᠲᠠᠢ ᠪᠠᠷ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠷ᠎ᠡ ᠪᠦᠲᠦᠭᠡᠯ ᠢᠶᠠᠨ ᠪᠠᠬᠢᠵᠢᠭᠦᠯᠦᠨ᠂ ᠪᠠᠶᠢᠯᠳᠤᠭᠠᠨ ᠤ ᠦᠷ᠎ᠡ ᠪᠦᠲᠦᠭᠡᠯ ᠢᠶᠠᠨ ᠥᠷᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠠᠳ ᠤᠨ ᠳᠠᠶᠢᠨ᠂ ᠶᠡᠷᠦᠩᠬᠡᠶ ᠳᠠᠶᠢᠨ᠂ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠣᠯᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠪᠡ᠃      ᠶᠦᠨ ᠬᠠᠢ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠥᠪ ᠤᠨ ᠪᠠ ᠥᠪᠡᠷᠲᠡᠭᠡᠨ ᠵᠠᠰᠠᠬᠤ ᠣᠷᠤᠨ᠂ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ᠂ ᠣᠨᠣᠪᠴᠢᠲᠠᠶ᠂ ᠭᠦᠨᠵᠡᠭᠡᠶ ᠡᠵᠡᠮᠰᠢᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠨᠡᠶᠢᠭᠡᠮ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠦᠨᠡᠨᠬᠦ ᠪᠠᠲᠤᠯᠠᠵᠤ ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ᠂ ᠪᠤᠰᠤᠳ ᠡᠪᠡᠳᠴᠢᠨ ᠡᠮᠭᠡᠭ ᠢ ᠠᠪᠤᠷᠠᠨ ᠵᠠᠰᠠᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠵᠤ ᠠᠬᠤᠶ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠪᠡ᠃      ᠶᠦᠨ ᠬᠠᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ᠣᠳᠣᠬᠠᠨ ᠤ ᠪᠠᠶᠢᠳᠠᠯ ᠢᠶᠠᠨ ᠰᠡᠷᠭᠡᠭ ᠢᠶᠠᠷ ᠲᠠᠨᠢᠵᠤ᠂ ᠬᠠᠷᠢᠭᠤᠴᠠᠯᠭᠠᠲᠤ ᠰᠡᠳᠭᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠦᠨᠳᠦᠰᠦᠨ ᠪᠠᠶᠢᠳᠠᠯ ᠢ ᠨᠡᠩ ᠣᠨᠣᠪᠴᠢᠲᠠᠢ ᠣᠶᠢᠯᠠᠭᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠳᠤᠲᠠᠭᠤᠳᠠᠯ ᠪᠠᠭᠤᠷᠠᠢ ᠵᠦᠢᠯ ᠢ ᠨᠡᠩ ᠴᠢᠩᠭ᠎ᠠ ᠨᠥᠬᠦᠪᠥᠷᠢᠯᠡᠵᠦ᠂ ᠰᠢᠢᠳᠪᠦᠷᠢᠲᠦ ᠳᠠᠶᠢᠯᠠᠯᠳᠤᠭᠠᠨ ᠢ ᠨᠡᠩ ᠰᠠᠶᠢᠲᠤᠷ ᠡᠬᠢᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽2020 ᠣᠨ ᠤ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠵᠤ ᠴᠢᠨᠠᠷ ᠰᠠᠶᠢᠲᠠᠶ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠨᠠᠷᠢᠨ ᠬᠢᠨᠠᠮᠠᠭᠠᠶ ᠰᠤᠳᠤᠯᠵᠤ᠂ ᠦᠨᠡᠨ ᠬᠦ ᠬᠠᠲᠠᠭᠤ ᠴᠢᠩᠭ᠎ᠠ ᠠᠷᠭ᠎ᠠ ᠬᠡᠮᠵᠢᠶ᠎ᠡ᠂ ᠵᠣᠷᠢᠭᠰᠢᠯ ᠠᠴᠠ ᠬᠡᠲᠦᠷᠡᠭᠰᠡᠨ ᠠᠷᠭ᠎ᠠ ᠬᠡᠮᠵᠢᠶ᠎ᠡ ᠶᠢ ᠠᠪᠴᠤ᠂ ᠡᠯ᠎ᠡ ᠵᠦᠢᠯ ᠤᠨ ᠠᠵᠢᠯ ᠢ ᠨᠠᠩ ᠨᠠᠷᠢᠯᠢᠭ᠂ ᠨᠠᠩ ᠪᠣᠳᠠᠲᠠᠶ ᠨᠠᠶᠢᠳᠠᠪᠤᠷᠢᠵᠢᠭᠤᠯᠵᠤ᠂ ᠴᠢᠭ ᠢᠶᠠᠷ ᠨᠡᠶᠢᠳᠡᠮ ᠢ ᠳᠠᠶᠢᠴᠢᠯᠠᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠪᠡ᠃      ᠶᠦᠨ ᠬᠠᠢ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤᠮᠳᠠ ᠬᠥᠭᠵᠢᠯᠲᠡ ᠶᠢᠨ ᠰᠠᠨᠠᠭᠠᠴᠢᠯᠠᠭᠠᠲᠤ ᠪᠠᠶᠢᠷᠢ ᠶᠢ ᠴᠢᠷᠮᠠᠶᠢᠨ ᠡᠵᠡᠮᠳᠡᠬᠦ ᠬᠡᠷᠡᠭᠲᠡᠢ᠃ ᠨᠢᠭᠡ ᠳᠤ᠂ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠰᠤᠷᠭᠠᠮᠵᠢ ᠠᠪᠴᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠵᠥᠩᠨᠡᠯᠲᠡ ᠶᠢᠨ ᠴᠢᠨᠠᠷ᠂ ᠰᠠᠨᠠᠭᠠᠴᠢᠯᠠᠭᠠᠲᠤ ᠴᠢᠨᠠᠷ ᠪᠠ ᠰᠢᠰᠲ᠋ᠧᠮᠲᠦ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠶᠢᠴᠢᠨ ᠬᠦᠴᠦᠨ᠂ ᠬᠡᠷᠡᠭᠵᠢᠭᠦᠯᠬᠦ ᠬᠦᠴᠦᠨ ᠪᠠ ᠪᠦᠲᠦᠭᠡᠯᠴᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠬᠠᠤᠯᠢ ᠪᠠᠷ ᠵᠠᠰᠠᠬᠤ ᠰᠡᠳᠬᠢᠬᠦᠶ᠂ ᠤᠷᠢᠳᠠᠴᠢ ᠰᠡᠳᠬᠢᠬᠦᠶ᠂ ᠰᠢᠰᠲ᠋ᠧᠮᠲᠦ ᠰᠡᠳᠬᠢᠬᠦᠶ᠂ ᠵᠠᠬ᠎ᠠ ᠳᠡᠯᠭᠡᠭᠦᠷ ᠤᠨ ᠰᠡᠳᠬᠢᠬᠦᠶ᠂ ᠬᠥᠮᠥᠡᠯᠢᠭ ᠰᠡᠳᠬᠢᠬᠦᠶ ᠶᠢ ᠴᠢᠩᠭᠠᠳᠬᠠᠵᠤ᠂ ᠲᠥᠪ ᠶᠣᠰᠣ ᠶᠢ ᠰᠠᠬᠢᠬᠤ ᠪᠠ ᠰᠢᠨ᠎ᠡ ᠶᠢ ᠡᠭᠦᠳᠬᠦ ᠶᠢ ᠤᠶᠠᠯᠳᠤᠭᠤᠯᠵᠤ᠂ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ᠂ ᠨᠠᠷᠢᠯᠢᠭ ᠣᠨᠤᠪᠴᠢᠲᠠᠢ ᠪᠥᠭᠡᠳ ᠬᠦᠴᠦᠲᠡᠶ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠠᠬᠤᠢ ᠶᠢᠨ ᠨᠡᠮᠡᠭᠳᠡᠯ ᠢ ᠰᠡᠷᠭᠦᠭᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠪᠦᠬᠦ ᠰᠢᠶᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠲᠦᠷᠪᠡ ᠳᠤ᠂ ᠨᠡᠭᠡᠭᠡᠯᠲᠡᠲᠦ ᠬᠥᠭᠵᠢᠯᠲᠡ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠪᠠ ᠲᠦᠷᠦᠯ ᠵᠦᠢᠯ ᠤᠨ ᠵᠥᠪᠳᠡᠯᠴᠡᠭᠡ ᠬᠢᠬᠦ ᠠᠵᠢᠯ ᠤᠨ ᠲᠣᠬᠢᠶᠠᠯ ᠢ ᠢᠳᠡᠪᠬᠢᠲᠡᠢ ᠠᠰᠢᠭᠯᠠᠵᠤ᠂ ᠰᠢᠨ᠎ᠡ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠷᠢᠵᠦ ᠪᠠ ᠡᠭᠦᠳᠬᠦ ᠬᠡᠷᠡᠭᠲᠡᠢ ᠭᠡᠪᠡ᠃      ᠶᠦᠨ ᠬᠠᠢ ᠵᠢᠭᠠᠵᠤ ᠭᠠᠷᠭᠠᠭᠰᠠᠨ ᠨᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠢᠭᠡ ᠳᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠣᠯᠠᠨ ᠲᠦᠮᠡᠨ ᠢ ᠪᠦᠲᠦᠮᠵᠢᠲᠡᠶ ᠵᠣᠬᠢᠶᠠᠨ ᠪᠠᠶᠢᠭᠤᠯᠵᠤ᠂ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠦᠨ ᠳᠠᠭᠠᠭᠤᠯᠬᠤ ᠬᠦᠴᠦᠨ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠪᠠ ᠨᠡᠶᠢᠭᠡᠮ ᠤᠨ ᠤᠷᠢᠶᠠᠯᠠᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠲᠠᠰᠤᠷᠠᠯᠲᠠ ᠥᠬᠡᠶ ᠨᠢᠭᠲᠠ ᠪᠥᠭᠡᠳ ᠪᠠᠬᠢ ᠪᠠᠶᠢᠭᠤᠯᠬᠤ ᠬᠡᠷᠡᠭᠲᠡᠢ᠃ ᠬᠤᠶᠠᠷ ᠲᠤ᠂ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠶᠡᠬᠡᠪᠡᠷ ᠠᠳᠬᠤᠵᠤ᠂ ᠨᠠᠮ ᠤᠨ ᠪᠠᠶᠢᠭᠤᠯᠤᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠴᠢᠨᠠᠷ ᠰᠠᠶᠢᠲᠠᠶ ᠠᠬᠢᠭᠤᠯᠵᠤ᠂ ᠶᠡᠭᠡ ᠰᠢᠯᠭᠠᠯᠲᠠ ᠶᠢᠨ ᠳᠤᠮᠳᠠ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢ ᠪᠠᠶᠢᠭᠤᠯᠤᠨ᠂ ᠰᠢᠯᠢᠳᠡᠭ ︽ ᠬᠤᠰᠢᠭᠤᠴᠢ ᠭᠠᠯᠠᠭᠤ︾ ᠶᠢᠨ ᠡᠩᠨᠡᠭᠡ ᠶᠢ ᠬᠥᠮᠦᠵᠢᠭᠦᠯᠦᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠶᠡᠬᠡᠪᠡᠷ ᠠᠬᠢᠭᠤᠯᠬᠤ ᠬᠡᠷᠡᠭᠲᠡᠢ᠃ ᠭᠤᠷᠪᠠ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠠᠭᠤᠳᠠᠯᠤᠨ ᠳ᠋ᠦᠩᠨᠡᠵᠦ᠂ ᠲᠡᠳᠡᠨ ᠤ ᠦᠯᠢᠭᠡᠷ ᠢ ᠤᠬᠠᠭᠤᠯᠤᠨ ᠶᠠᠷᠢᠵᠤ᠂ ᠺᠠᠳ᠋ᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ᠃ ᠲᠦᠷᠪᠡ ᠳᠤ᠂ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ ᠪᠠᠲᠤ ᠪᠤᠢ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠡᠮᠦᠨ᠎ᠡ ᠹᠷᠣᠨᠲ ᠲᠤ ᠬᠠᠷᠢᠭᠤᠴᠠᠯᠭ᠎ᠠ ᠡᠭᠦᠷᠭᠡᠯᠡᠬᠦ᠂ ᠠᠶᠤᠯ ᠲᠦᠭᠰᠢᠭᠦᠷᠢ ᠬᠦᠴᠢᠷ ᠪᠡᠷᠬᠡ ᠲᠠᠢ ᠠᠵᠢᠯ ᠡᠭᠦᠷᠭᠡᠯᠡᠬᠦ ᠶᠢ ᠵᠣᠷᠢᠭᠵᠢᠭᠤᠯᠵᠤ᠂ ᠬᠢᠵᠢᠭ ᠤᠨ ᠪᠠᠶᠢᠳᠠᠯ ᠤᠨ ︽ᠳᠠᠶᠢᠨ ᠤ ᠲᠠᠯᠠᠪᠤᠷ︾ ᠢ ᠨᠠᠮ ᠤᠨ ᠭᠡᠰᠢᠭᠦᠨ ᠺᠠᠳ᠋ᠷ ᠤᠨ ︽ᠰᠢᠯᠭᠠᠯᠲᠠ ᠶᠢᠨ ᠲᠠᠯᠠᠪᠤᠷ︾ ᠪᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠰᠢᠯᠭᠠᠬᠤ ᠰᠢᠯᠭᠠᠭᠤᠷ ᠪᠤᠯᠭᠠᠵᠤ᠂ ᠡᠮᠦᠨ᠎ᠡ ᠹᠷᠣᠨᠲ ᠲᠤ ᠺᠠᠳ᠋ᠷ ᠢ ᠰᠢᠯᠭᠠᠨ ᠪᠠᠶᠢᠴᠠᠭᠠᠬᠤ᠂ ᠺᠠᠳ᠋ᠷ ᠢ ᠢᠯᠭᠠᠨ ᠲᠠᠨᠢᠬᠤ᠂ ᠺᠠᠳ᠋ᠷ ᠢ ᠳᠠᠪᠲᠠᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ᠂ ᠡᠮᠦᠨ᠎ᠡ ᠨᠢ ᠭᠠᠪᠰᠢᠭᠠᠶᠢᠯᠠᠬᠤ ᠶᠢ ᠵᠣᠷᠢᠭᠵᠢᠭᠤᠯᠵᠤ᠂ ᠪᠤᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号