ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-02-26
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠰ ᠭᠠᠵᠠᠷ ᠣᠷᠣᠨ ᠤ ᠰᠤᠷᠭᠠᠭᠤᠯᠢ ᠶᠢᠨ ᠢᠶᠠᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠬᠦ ᠪᠡᠯᠡᠳᠬᠡᠯ ᠲᠥᠰᠦᠯ ᠲᠣᠭᠲᠠᠭᠠᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠦᠬᠡᠢ ᠴᠤ ᠰᠤᠷᠤᠯᠴᠠᠬᠤ ᠪᠠᠨ ᠵᠤᠭᠰᠤᠬᠤ ᠦᠬᠡᠢ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠭᠤᠷᠠᠭᠤᠯᠬᠤ ᠦᠬᠡᠢ ᠶᠢ ᠱᠠᠭᠠᠷᠳᠠᠵᠤ᠂ ᠢᠨᠲ᠋ᠧᠷ ᠰᠦᠯᠵᠢᠶ᠎ᠡ ᠪᠠ ᠮᠡᠳᠡᠭᠡ ᠵᠠᠩᠭᠢᠵᠢᠯᠲᠠ ᠶᠢᠨ ᠰᠤᠷᠭᠠᠨ ᠬᠥᠮᠥᠵᠢᠯ ᠤᠨ ᠡᠬᠢ ᠪᠠᠶᠠᠯᠢᠭ ᠢ ᠠᠯᠢ ᠴᠢᠳᠠᠬᠤ ᠪᠠᠷ ᠠᠰᠢᠭᠯᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠤᠨ ᠰᠤᠷᠤᠯᠴᠠᠯᠭ᠎ᠠ ᠳᠤ ᠳᠡᠮᠵᠢᠯᠭᠡ ᠬᠠᠩᠭᠠᠵᠤ᠂ ᠰᠤᠷᠤᠭᠴᠢᠳ ᠤᠨ ᠭᠡᠷ ᠲᠡᠭᠡᠨ ᠰᠤᠷᠤᠯᠴᠠᠬᠤ ᠶᠢ ᠵᠢᠯᠣᠭᠤᠳᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠵᠢᠭᠠᠬᠤ ᠶᠢ ᠰᠤᠳᠤᠯᠬᠤ ᠲᠠᠰᠤᠭ ᠤᠨ 12 ᠵᠢᠭᠠᠨ ᠰᠤᠳᠤᠯᠤᠭᠴᠢ ᠪᠠ ᠥᠨᠳᠥᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ 91 ᠭᠤᠤᠯᠯᠠᠭᠴᠢ ᠪᠠᠭᠰᠢ ᠰᠢᠯᠢᠳᠡᠭ ᠬᠢᠴᠢᠶᠡᠯ ᠰᠢᠩᠭᠡᠭᠡᠨ ᠦᠢᠯᠡᠳᠬᠦ ᠳᠤ ᠣᠷᠣᠯᠴᠠᠵᠤ᠂ 2 ᠰᠠᠷ᠎ᠠ ᠶᠢᠨ 12 ᠤᠨ ᠡᠳᠦᠷ ᠪᠣᠯᠲᠠᠯ᠎ᠠ᠂ ᠡᠯ᠎ᠡ ᠬᠢᠴᠢᠶᠡᠯ ᠲᠥᠷᠥᠯ ᠤᠨ ᠨᠢᠭᠡᠨᠲᠡ 108 ᠬᠢᠴᠢᠶᠡᠯ ᠢ ᠬᠢᠨᠠᠨ ᠬᠠᠷᠭᠤᠭᠤᠯᠤᠭᠠᠳ ︽ᠬᠥᠬᠡᠬᠤᠲᠠ ᠶᠢᠨ ᠰᠤᠷᠭᠠᠨ ᠬᠥᠮᠥᠵᠢᠯ ᠤᠨ ᠲᠠᠪᠴᠠᠩ︾ ᠳᠤ ᠳᠠᠮᠵᠢᠭᠤᠯᠵᠤ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠪᠠᠭᠰᠢ ᠰᠤᠷᠤᠭᠴᠢᠳ  ᠤᠨ ᠰᠤᠷᠤᠯᠴᠠᠯᠭ᠎ᠠ ᠳᠤ ᠡᠬᠢ ᠪᠠᠶᠠᠯᠢᠭ ᠬᠠᠩᠭᠠᠵᠤ᠂ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢ ᠬᠥᠲᠥᠯᠥᠨ ᠳᠠᠭᠠᠭᠤᠯᠬᠤ ᠪᠠ ᠵᠢᠯᠣᠭᠤᠳᠬᠤ ᠠᠵᠢᠯ ᠢ ᠰᠠᠶᠢᠲᠤᠷ ᠬᠢᠵᠦ ᠪᠠᠶᠢᠨ᠎ᠠ᠃      ᠪᠥᠬᠦ ᠬᠤᠲᠠ ᠶᠢᠨ ᠪᠣᠶ ᠪᠥᠬᠦᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠴᠥᠮ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠬᠦ ᠲᠥᠰᠦᠯ ᠲᠣᠭᠲᠠᠭᠠᠵᠤ᠂ ᠤᠤᠯ ᠤᠨ ᠲᠣᠭᠲᠠᠭᠰᠠᠨ ᠰᠤᠷᠭᠠᠭᠤᠯᠢ ᠡᠬᠢᠯᠡᠬᠦ ᠴᠠᠭ ᠤᠨ ᠲᠦᠯᠦᠪᠯᠡᠭᠡ ᠪᠠᠷ ᠢᠶᠠᠨ ᠰᠤᠷᠤᠭᠴᠢᠳ ᠲᠤ ᠰᠦᠯᠵᠢᠶᠡᠨ ᠳᠠᠬᠢ ᠵᠢᠭᠠᠨ ᠰᠤᠷᠭᠠᠯᠲᠠ ᠬᠢᠵᠦ᠂ ︽ᠬᠢᠴᠢᠶᠡᠯ ᠵᠤᠭᠰᠤᠭᠰᠠᠨ ᠴᠤ ᠰᠤᠷᠤᠯᠴᠠᠯᠭ᠎ᠠ ᠵᠤᠭᠰᠤᠬᠤ ᠦᠬᠡᠢ᠂ ᠪᠢᠴᠢᠭ ᠤᠨ ᠥᠷᠥᠭᠡ ᠳᠠᠷᠤᠶ ᠬᠢᠴᠢᠶᠡᠯ ᠤᠨ ᠲᠠᠩᠬᠢᠮ︾ ᠪᠤᠯᠬᠤ ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠪᠡᠶᠡᠯᠡᠭᠦᠯᠵᠡᠶ᠃ ᠥᠨᠳᠥᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠪᠠᠭᠰᠢ ᠭᠡᠷ ᠲᠡᠭᠡᠨ ᠰᠦᠯᠵᠢᠶᠡᠨ ᠳᠡᠭᠡᠷ᠎ᠡ ᠰᠢᠭᠤᠳ ᠬᠢᠴᠢᠶᠡᠯᠯᠡᠵᠦ᠂ ᠰᠤᠷᠤᠭᠴᠢᠳ ᠭᠡᠷ ᠲᠡᠭᠡᠨ ᠬᠢᠴᠢᠶᠡᠯ ᠤᠨ ᠬᠦᠰᠦᠨᠦᠭ ᠶᠣᠰᠣᠭᠠᠷ ᠺᠣᠮᠫᠢᠦ᠋ᠲ᠋ᠧᠷ ᠪᠤᠶᠤ ᠭᠠᠷ ᠤᠲᠠᠰᠤ ᠪᠠᠷ ᠰᠦᠯᠵᠢᠶᠡᠨ ᠳᠤ ᠰᠤᠷᠤᠯᠴᠠᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠵᠢᠯᠣᠭᠤᠳᠬᠤ ᠰᠠᠨᠠᠯ ᠶᠣᠰᠣᠭᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠡᠭᠦᠯᠡᠨ ᠲᠠᠪᠴᠠᠩ︾ ᠳᠤ ᠮᠣᠩᠭᠤᠯ ᠬᠡᠯᠡᠨ ᠤ ᠰᠦᠯᠵᠢᠶᠡᠨ ᠤ ᠰᠢᠭᠤᠳ ᠨᠡᠪᠲᠡᠷᠡᠬᠦᠯᠬᠡ ᠶᠢᠨ ᠬᠢᠴᠢᠶᠡᠯ ᠨᠡᠭᠡᠭᠡᠵᠤ᠂ ᠪᠥᠬᠦ ᠣᠷᠣᠨ ᠤ ᠮᠣᠩᠭᠤᠯ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠤᠭᠴᠢᠳ ᠲᠤ ᠵᠣᠷᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号