ᠴᠡᠪᠡᠷ ᠨᠡᠭᠦᠷᠡᠰᠦ ᠬᠡᠷᠡᠭᠯᠡᠬᠦ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-02-26
           ᠬᠥᠬᠡᠬᠤᠲᠠ ᠵᠠᠰᠠᠭ ᠲᠠᠷᠬᠠᠭᠠᠭᠰᠠᠨ  ﹇2019﹈ 33 ᠳ᠋ᠤᠭᠠᠷ ᠲᠣᠭᠠᠲᠤ            2019 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ      ᠮᠠᠨ ᠤ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠷᠢᠯ ᠤᠨ ᠴᠢᠨᠠᠷᠲᠠᠢ ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ ᠬᠤᠷᠢᠭᠯᠠᠵᠤ᠂ ᠴᠡᠯᠮᠡᠭ ᠲᠩᠷᠢ ᠶᠢ ᠬᠠᠮᠠᠭᠠᠯᠠᠬᠤ ᠳᠠᠶᠢᠨ ᠳᠤ ᠪᠥᠬᠦ ᠲᠠᠯ᠎ᠠ ᠪᠠᠷ ᠢᠯᠠᠯᠲᠠ ᠣᠯᠬᠤ ᠶᠢᠨ ᠲᠥᠯᠥᠭᠡ᠂ ︽ᠬᠥᠬᠡᠬᠤᠳᠠ ᠶᠢᠨ ᠰᠤᠯᠠ ᠨᠡᠭᠦᠷᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠂ ︽ᠬᠥᠬᠡᠬᠤᠳᠠ ᠶᠢᠨ ᠰᠤᠯᠠ ᠨᠡᠭᠦᠷᠡᠰᠦ ᠶᠢ ᠬᠡᠷᠡᠭᠯᠡᠬᠦ ᠡᠷᠦᠬᠡ ᠳᠤ ᠠᠷᠢᠭᠤᠨ ᠴᠡᠪᠡᠷ ᠨᠡᠭᠦᠷᠡᠰᠦ ᠶᠢᠨ ᠨᠥᠬᠦᠪᠦᠷᠢ ᠶᠢᠨ ᠲᠤᠰᠬᠠᠶ ᠲᠥᠰᠦᠯ︾ ︵ᠬᠥᠬᠡᠬᠤᠲᠠ ᠵᠠᠰᠠᠭ ᠠᠯᠪᠠᠨ ᠦᠰᠦᠭ ︹ 2019 ︺ 70 ᠳ᠋ᠤᠭᠠᠷ ᠲᠣᠭᠠᠲᠤ︶᠂ ︽ᠬᠥᠬᠡᠬᠤᠳᠠ ᠶᠢᠨ ᠰᠤᠯᠠ ᠨᠡᠭᠦᠷᠡᠰᠦ ᠶᠢ ᠬᠠᠮᠢᠶᠠᠷᠤᠨ ᠡᠵᠡᠮᠳᠡᠬᠦ ᠲᠤᠰᠬᠠᠶ ᠬᠡᠷᠡᠭᠵᠢᠭᠦᠯᠬᠦ ᠲᠥᠰᠦᠯ︾ ︵ᠬᠥᠬᠡᠬᠤᠲᠠ ᠵᠠᠰᠠᠭ ᠠᠯᠪᠠᠨ ᠦᠰᠦᠭ ︹ 2019 ︺ 40 ᠳ᠋ᠦ᠋ᠭᠡᠷ ᠲᠣᠭᠠᠲᠤ︶ ᠢ ᠦᠨᠳᠦᠰᠦᠯᠡᠨ᠂  ᠳᠣᠣᠷ᠎ᠠ ᠠᠷᠢᠭᠤᠨ ᠴᠡᠪᠡᠷ ᠨᠡᠭᠦᠷᠡᠰᠦ ᠶᠢ ᠬᠡᠷᠡᠭᠯᠡᠬᠦ ᠬᠤᠯᠪᠣᠭᠳᠠᠯ ᠪᠦᠬᠦᠢ ᠵᠦᠢᠯᠡᠰ ᠢ ᠵᠠᠷᠯᠠᠶ᠎ᠠ᠄      ᠨᠢᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠬᠢᠷᠲᠤᠯ ᠶᠡᠬᠡᠲᠡᠶ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠳᠣᠲᠣᠷ᠎ᠠ ᠰᠤᠯᠠ ᠨᠡᠭᠦᠷᠡᠰᠦ ᠵᠢᠴᠢ ᠪᠣᠬᠢᠷᠲᠤᠯ ᠶᠡᠬᠡᠲᠡᠶ ᠲᠦᠯᠡᠰᠢ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠡᠯ᠎ᠡ ᠲᠥᠷᠥᠯ ᠤᠨ ᠴᠡᠪᠡᠷ ᠪᠤᠰᠤ ᠨᠡᠭᠦᠷᠡᠰᠦ᠂ ᠪᠣᠬᠢᠷᠲᠤᠯ ᠶᠡᠬᠡᠲᠡᠶ ᠲᠦᠯᠡᠰᠢ ᠵᠢᠴᠢ ᠲᠡᠭᠦᠨ ᠤ ᠪᠦᠲᠦᠭᠡᠭᠳᠡᠬᠦᠨ ᠢ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠨ᠎ᠠ᠃ ᠬᠠᠮᠢᠶᠠᠷᠤᠨ ᠡᠵᠡᠮᠳᠡᠬᠦ ᠬᠡᠪᠴᠢᠶ᠎ᠡ ᠨᠢ ᠄ ᠵᠡᠭᠦᠨᠰᠢ ᠪᠠᠨ ᠬᠤᠲᠠ ᠲᠣᠭᠤᠷᠢᠭᠰᠠᠨ ᠥᠨᠳᠥᠷ ᠬᠤᠷᠳᠤᠴᠠᠲᠤ ᠵᠠᠰᠠᠮᠠᠯ ᠵᠠᠮ᠂ ᠡᠮᠦᠨᠡᠰᠢ ᠪᠠᠨ ᠶᠡᠭᠡ ᠲᠦᠷᠭᠡᠨ ᠭᠤᠤᠯ᠂ ᠪᠠᠷᠠᠭᠤᠨᠰᠢ ᠪᠠᠨ ᠰᠢᠵᠢᠷ ᠠᠯᠲᠠᠨ ᠶᠡᠭᠡ ᠵᠠᠮ᠂ ᠤᠮᠠᠷᠠᠰᠢ ᠳᠠᠯᠠᠨ ᠬᠠᠷ᠎ᠠ ᠠᠭᠤᠯᠠ ᠬᠦᠷᠦᠨ᠎ᠡ᠃ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠵᠦ᠂ ᠠᠷᠢᠭᠤᠨ ᠴᠡᠪᠡᠷ ᠪᠤᠰᠤ ᠨᠡᠭᠦᠷᠡᠰᠦ᠂ ᠪᠣᠬᠢᠷᠲᠤᠯ ᠶᠡᠬᠡᠲᠡᠶ ᠲᠦᠯᠡᠰᠢ ᠵᠢᠴᠢ ᠲᠡᠭᠦᠨ ᠤ ᠦᠢᠯᠡᠳᠬᠦᠨ ᠢ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠬᠤᠶᠠᠷ᠂ ᠲᠣᠰ ᠣᠷᠣᠨ ᠬᠡᠪᠴᠢᠶᠡᠨ ᠳᠣᠲᠣᠷᠠᠬᠢ ᠰᠠᠭᠤᠭᠠᠯᠢ ᠠᠷᠠᠳ ᠲᠣᠰᠬᠤᠨ ︵ᠰᠠᠭᠤᠭᠠᠯᠢ ᠠᠷᠠᠳ︶ ᠤ ᠵᠥᠪᠯᠡᠯ ᠳᠤ ᠳᠠᠩᠰᠠᠯᠠᠵᠤ ᠠᠷᠢᠭᠤᠨ ᠴᠡᠪᠡᠷ ᠨᠡᠭᠦᠷᠡᠰᠦ ᠶᠢᠨ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠠᠷᠢᠭᠤᠨ ᠴᠡᠪᠡᠷ ᠨᠡᠭᠦᠷᠡᠰᠦ ᠪᠤᠶᠤ ᠲᠡᠭᠦᠨ ᠤ ᠪᠦᠲᠦᠭᠡᠭᠳᠡᠬᠦᠨ ᠢ ᠬᠤᠳᠠᠯᠳᠤᠨ ᠠᠪᠬᠤ ᠪᠦᠭᠡᠳ ᠵᠠᠰᠠᠭ ᠤᠨ ᠣᠷᠳᠣᠨ ᠤ ᠨᠥᠬᠦᠪᠥᠷᠢ ᠶᠢ ᠬᠦᠷᠲᠡᠨ᠎ᠡ᠃ ᠵᠠᠰᠠᠭ ᠤᠨ ᠣᠷᠳᠣᠨ ᠠᠴᠠ ᠨᠥᠬᠦᠪᠥᠷᠢ ᠥᠭᠭᠦᠭᠰᠡᠨ ᠤ ᠳᠠᠷᠠᠭ᠎ᠠ᠂ ᠴᠡᠪᠡᠷ ᠨᠡᠭᠦᠷᠡᠰᠦ ᠪᠤᠶᠤ ᠪᠦᠲᠦᠭᠡᠭᠳᠡᠬᠦᠨ ᠢ ᠡᠷᠦᠬᠡ ᠳᠤ ᠣᠷᠣᠭᠤᠯᠬᠤ ᠦᠨ᠎ᠡ ᠬᠠᠩᠰᠢ ᠨᠢ ᠲᠣᠨ ᠪᠦᠷᠢ ᠳᠡᠭᠡᠨ 620 ᠲᠥᠭᠦᠷᠢᠭ᠂ ᠰᠠᠭᠤᠭᠠᠯᠢ ᠠᠷᠠᠳ ᠣᠶᠢᠷ᠎ᠠ ᠬᠠᠪᠢ ᠶᠢᠨ ᠴᠡᠪᠡᠷ ᠮᠠᠶ᠋ᠢᠭ ᠤᠨ ᠨᠡᠭᠦᠷᠡᠰᠦ ᠲᠤᠬᠢᠷᠠᠭᠤᠯᠤᠨ ᠬᠦᠷᠭᠡᠬᠦ ᠲᠣᠤᠷ ᠴᠢᠭ ᠲᠤ ᠬᠦᠷᠴᠦ ᠬᠤᠳᠠᠯᠳᠤᠨ ᠠᠪᠴᠤ ᠪᠣᠯᠤᠨ᠎ᠠ᠃      ᠭᠤᠷᠪᠠ᠂ ᠬᠠᠷᠢᠶ᠎ᠠ ᠣᠷᠣᠨ ᠤ ᠵᠠᠰᠠᠭ ᠤᠨ ᠣᠷᠳᠣᠨ ᠰᠤᠯᠠ ᠨᠡᠭᠦᠷᠡᠰᠦ ᠶᠢ ᠬᠤᠯᠪᠣᠭᠠᠯᠠᠨ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠷ᠎ᠡ ᠳᠤᠷᠠᠳᠤᠭᠰᠠᠨ ᠣᠷᠣᠨ ᠬᠡᠪᠴᠢᠶᠡᠨ ᠳᠣᠲᠤᠷᠠᠬᠢ ᠰᠤᠯᠠ ᠨᠡᠭᠦᠷᠡᠰᠦ ᠶᠢ ᠡᠵᠡᠩᠨᠡᠬᠦ ᠠᠵᠤ ᠠᠬᠤᠶᠢᠯᠠᠯ ᠵᠢᠴᠢ ᠡᠵᠡᠩᠨᠡᠬᠦ ᠲᠣᠤᠷ ᠴᠢᠭ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠴᠢᠨᠠᠷ ᠮᠠᠭᠤᠲᠠᠶ ᠨᠡᠭᠦᠷᠡᠰᠦ ᠪᠣᠷᠣᠯᠠᠭᠤᠯᠬᠤ ᠲᠣᠤᠷ ᠴᠢᠭ ᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂ ᠲᠣᠰ ᠮᠡᠳᠡᠭᠳᠡᠯ ᠢ ᠵᠥᠷᠢᠴᠡᠨ ᠰᠤᠯᠠ ᠨᠡᠭᠦᠷᠡᠰᠦ ᠶᠢ ᠳᠤᠷ᠎ᠠ ᠪᠠᠷ ᠢᠶᠠᠨ ᠡᠵᠡᠩᠨᠡᠨ ᠪᠣᠷᠣᠯᠠᠭᠤᠯᠵᠤ ᠪᠠᠶᠢᠭ᠎ᠠ ᠲᠣᠤᠷ ᠴᠢᠭ ᠢ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠦᠨᠳᠦᠰᠦᠯᠡᠨ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠳᠦᠷᠪᠡ᠂ ᠲᠤᠰ ︽ᠵᠠᠷᠯᠠᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠶ ᠳ᠋ᠤᠭᠠᠷ᠄ Z G - 2019 - 18 ᠳ᠋ᠤᠭᠠᠷ ᠲᠣᠭᠠᠲᠤ᠃      ᠠᠳᠡ ᠣᠨᠴᠠᠭᠠᠶᠢᠯᠠᠨ ᠵᠠᠷᠯᠠᠪᠠ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号