ᠬᠥᠬᠡᠬᠤᠲᠠ ᠵᠠᠰᠠᠭ ᠲᠠᠷᠬᠠᠭᠠᠭᠰᠠᠨ ﹇2019﹈200 ᠳ᠋ᠤᠭᠠᠷ ᠲᠣᠭᠠᠲᠤ | 2019 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠦᠬᠦᠢ ᠵᠥᠪᠯᠡᠯ᠂ | ᠠᠯᠪᠠᠨ ᠭᠡᠷ᠂ ᠲᠣᠪᠴᠢᠶ᠎ᠠ ᠳᠤ᠄ | ︽ᠬᠥᠬᠡᠬᠤᠲᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠯᠡᠭᠡ ︵2020 ᠣᠨ︶︾ ᠶᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠥᠬᠡᠬᠤᠲᠠ ᠶᠢᠨ ᠣᠷᠣᠨ ᠰᠠᠭᠤᠴᠠ ᠶᠢ ᠬᠥᠭᠵᠢᠭᠦᠯᠬᠦ ᠲᠥᠯᠥᠪᠯᠡᠭᠡ ︵2020 ᠣᠨ︶ | ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠲᠣᠭᠲᠠᠭᠤᠨ ᠬᠥᠭᠵᠢᠯᠲᠡ ᠶᠢ | ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠪᠦᠲᠦᠮᠵᠢᠲᠡᠶ | ᠲᠡᠩᠴᠡᠭᠦᠷᠢᠰᠢᠭᠦᠯᠵᠦ᠂ ᠭᠠᠵᠠᠷ ᠤᠨ ᠦᠨ᠎ᠡ᠂ ᠭᠡᠷ ᠪᠠᠶᠢᠰᠢᠩ ᠤᠨ ᠦᠨ᠎ᠡ᠂ ᠵᠢᠱᠢᠯᠲᠡ ᠶᠢ ᠪᠦᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠶᠢᠨ ᠲᠤᠰᠠᠳᠠ᠂ ᠭᠠᠵᠠᠷ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠲᠥᠯᠥᠪᠯᠡᠭᠡ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ | ᠪᠠᠷᠢᠭᠰᠠᠨ ᠶᠤᠮ᠂ ᠬᠠᠷᠢᠨ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ︾ ᠭᠡᠬᠦ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠭᠠᠵᠠᠷ ᠰᠢᠷᠣᠶ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ | ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠬᠤ ᠲᠣᠬᠢᠷᠠᠭᠤᠯᠤᠯ | ᠡᠵᠡᠮᠳᠡᠯ ᠤᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠭᠡᠷ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠲᠡᠩᠴᠡᠭᠦᠷᠢᠰᠢᠭᠦᠯᠵᠦ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠣᠷᠣᠨ ᠰᠠᠭᠤᠴᠠ ᠶᠢᠨ | ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠦᠨ᠂ ᠬᠠᠳᠠᠨ ᠴᠢᠨᠠᠷᠲᠠᠢ ᠬᠡᠷᠡᠭᠴᠡᠭᠡ ᠶᠢ ᠬᠦᠴᠦᠯᠡᠨ | ᠬᠠᠩᠭᠠᠵᠤ᠂ ᠰᠠᠶᠢᠵᠢᠷᠠᠭᠤᠯᠬᠤ ᠬᠡᠷᠡᠭᠴᠡᠭᠡ ᠶᠢ ᠳᠠᠮᠵᠢᠨ ᠰᠠᠶᠢᠵᠢᠷᠠᠭᠤᠯᠵᠤ᠂ ᠵᠠᠪᠰᠢᠨ ᠳᠠᠯᠢᠮᠳᠠᠭᠤᠯᠵᠤ ᠭᠡᠷ ᠪᠠᠶᠢᠰᠢᠩ | ᠰᠠᠷᠢᠭᠠᠯᠠᠬᠤ ᠶᠢ ᠬᠤᠷᠢᠭᠯᠠᠵᠤ᠂ ᠣᠯᠠᠨ ᠪᠡᠶᠡᠴᠢ ᠴᠣᠭᠴᠠ ᠶᠢᠨ ᠬᠠᠩᠭᠠᠯᠭ᠎ᠠ᠂ ᠣᠯᠠᠨ ᠠᠷᠭ᠎ᠠ ᠵᠠᠮ ᠢᠶᠠᠷ ᠪᠠᠲᠤᠯᠠᠭ᠎ᠠ | ᠬᠠᠩᠭᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠬᠤᠣᠰᠯᠠᠭᠤᠯᠤᠭᠰᠠᠨ ᠣᠷᠣᠨ ᠰᠠᠭᠤᠴᠠ ᠶᠢᠨ | ᠪᠠᠲᠤᠯᠠᠭ᠎ᠠ ᠶᠢᠨ ᠰᠢᠰᠲ᠋ᠧᠮᠵᠢ ᠲᠦᠷᠭᠡᠨ ᠪᠠᠶᠢᠭᠤᠯᠤᠨ᠎ᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠲᠣᠰ ᠲᠥᠯᠥᠪᠯᠡᠭᠡ ᠨᠢ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠬᠡᠪᠴᠢᠶᠡᠨ ᠳᠤ ᠲᠣᠬᠢᠷᠠᠨ᠎ᠠ᠂ | ᠰᠢᠨ᠎ᠡ ᠬᠤᠲᠠ ᠲᠣᠭᠤᠷᠢᠭ᠂ ᠬᠤᠲᠣᠩ ᠲᠣᠭᠤᠷᠢᠭ᠂ ᠢᠦᠶ ᠴᠢᠤᠸᠠᠨ ᠲᠣᠭᠤᠷᠢᠭ᠂ ᠰᠠᠶᠢᠬᠠᠨ ᠲᠣᠭᠤᠷᠢᠭ᠂ ᠿᠦ᠋ | ᠢ ᠠᠵᠤ ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ᠂ ᠵᠢᠨᠴᠤᠸᠠᠨ ᠠᠵᠤ ᠦᠢᠯᠡᠳᠪᠦᠷᠢ ᠶᠢᠨ ᠨᠡᠭᠡᠭᠡᠯᠲᠡ ᠶᠢᠨ | ᠲᠣᠭᠤᠷᠢᠭ ᠢ ᠪᠠᠭᠲᠠᠭᠠᠨ᠎ᠠ᠃ | ᠭᠤᠷᠪᠠ᠂ ᠬᠠᠷᠠᠯᠲᠠ ᠡᠭᠦᠷᠭᠡ | ︵ᠨᠢᠭᠡ︶ ᠣᠷᠣᠨ ᠰᠠᠭᠤᠴᠠ ᠶᠢᠨ ᠬᠡᠷᠡᠭᠯᠡᠬᠦ ᠭᠠᠵᠠᠷ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ | ᠬᠠᠩᠭᠠᠨ᠎ᠠ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠨᠢᠭᠡᠨᠲᠡ | ᠬᠠᠩᠭᠠᠭᠰᠠᠨ ᠭᠠᠵᠠᠷ ᠰᠢᠷᠣᠶ ᠶᠢ ᠨᠡᠭᠡᠭᠡᠨ ᠠᠰᠢᠭᠯᠠᠭᠰᠠᠨ ᠪᠠᠶᠢᠳᠠᠯ ᠲᠠᠢ ᠤᠶᠠᠯᠳᠤᠭᠤᠯᠤᠨ᠂ 2020 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠬᠤᠳᠠᠯᠳᠤᠭ᠎ᠠ ᠣᠷᠣᠨ ᠰᠠᠭᠤᠴᠠ ᠳᠤ 8000 ᠮᠤ᠋ ᠬᠡᠷᠡᠭᠯᠡᠬᠦ ᠭᠠᠵᠠᠷ ᠢ | ᠬᠠᠩᠭᠠᠵᠤ᠂ ᠡᠭᠦᠨ ᠳᠤ ᠣᠷᠣᠨ ᠰᠠᠭᠤᠴᠠ ᠶᠢᠨ ᠬᠡᠷᠡᠭᠯᠡᠬᠦ ᠭᠠᠵᠠᠷ ᠲᠤ 6000 ᠮᠤ᠋ ᠬᠠᠩᠭᠠᠨ᠎ᠠ︔ 500 ᠲᠦᠮᠡᠨ | ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠠᠵᠢᠯ ᠡᠬᠢᠯᠡᠭᠦᠯᠦᠨ᠎ᠡ᠃ | ︵ᠬᠤᠶᠠᠷ︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠤᠬᠢᠷᠠᠭᠤᠯᠤᠨ ᠪᠠᠶᠢᠭᠤᠯᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠣᠷᠣᠨ ᠰᠠᠭᠤᠴᠠ ᠶᠢᠨ ᠨᠡᠭᠡᠭᠡᠨ ᠠᠰᠢᠭᠯᠠᠬᠤ ᠲᠥᠷᠥᠯ ᠵᠦᠢᠯ ᠤᠨ ᠬᠡᠷᠡᠭᠯᠡᠬᠦ ᠭᠠᠵᠠᠷ ᠢ | ᠫᠠᠶᠢᠰᠠ ᠡᠯᠭᠦᠨ ᠬᠤᠳᠠᠯᠳᠤᠬᠤ ᠳᠤ ᠡᠷᠬᠡᠪᠰᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ | ᠲᠤᠬᠢᠷᠠᠭᠤᠯᠤᠨ ᠪᠠᠶᠢᠭᠤᠯᠬᠤ ᠶᠢ ᠲᠣᠳᠣᠷᠬᠠᠶᠢᠯᠠᠵᠤ᠂ ᠲᠤᠬᠢᠷᠠᠭᠤᠯᠤᠨ ᠪᠠᠶᠢᠭᠤᠯᠬᠤ ᠬᠠᠷᠢᠴᠠᠯ ᠢ ᠪᠠᠷᠢᠯᠭ᠎ᠠ ᠶᠢᠨ | ᠶᠡᠷᠦᠩᠬᠡᠶ ᠲᠠᠯᠠᠪᠠᠢ ᠶᠢᠨ 3% ᠪᠠᠶᠢᠯᠭᠠᠨ᠎ᠠ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ 25 ᠲᠦᠮᠡᠨ | ᠲᠡᠭᠰᠢ ᠳᠥᠷᠪᠡᠯᠵᠢᠨ ᠮᠧᠲᠷ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ 2000 ᠢᠵᠢ ᠣᠯᠠᠨ ᠨᠡᠶᠢᠲᠡ ᠶᠢᠨ ᠲᠦᠷᠢᠶᠡᠰᠦᠨ ᠭᠡᠷ᠂ 9 ᠲᠦᠮᠡᠨ ᠲᠡᠭᠰᠢ | ᠳᠥᠷᠪᠡᠯᠵᠢᠨ ᠮᠧᠲᠷ ᠢ ᠬᠤᠳᠠᠯᠳᠤᠨ᠎ᠠ᠃ | ︵ᠭᠤᠷᠪᠠ︶ ᠪᠣᠷᠣ ᠰᠠᠭᠤᠷᠢᠰᠢᠯ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ | ᠬᠡᠷᠡᠭᠵᠢᠭᠦᠯᠦᠨ᠎ᠡ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠣᠷᠣ ᠰᠠᠭᠤᠷᠢᠰᠢᠯ ᠤᠨ ᠲᠣᠭᠤᠷᠢᠭ ᠤᠨ | 2000 ᠡᠷᠦᠬᠡ ᠶᠢ ᠥᠭᠡᠷᠡᠴᠢᠯᠡᠨ ᠰᠢᠨᠡᠳᠬᠡᠵᠦ᠂ ᠡᠭᠦᠨ ᠳᠤ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠠᠷᠢᠴᠠᠯ ᠢ | 70% ᠪᠠᠶᠢᠯᠭᠠᠵᠤ᠂ ᠪᠤᠴᠠᠭᠠᠨ ᠨᠡᠭᠦᠯᠭᠡᠬᠦ ᠭᠡᠷ ᠪᠠᠶᠢᠰᠢᠩ ᠢ 1400 ᠢᠵᠢ᠂ 13.3 ᠲᠦᠮᠡᠨ ᠲᠡᠭᠰᠢ | ᠳᠥᠷᠪᠡᠯᠵᠢᠨ ᠮᠧᠲᠷ ᠪᠦᠲᠦᠭᠡᠨ ᠪᠠᠶᠢᠭᠤᠯᠤᠨ᠎ᠠ︔ ᠵᠣᠭᠤᠰ ᠢᠶᠠᠷ ᠲᠥᠪᠬᠢᠨᠡᠭᠦᠯᠬᠦ ᠬᠠᠷᠢᠴᠠᠯ ᠢ 30% ᠪᠠᠶᠢᠯᠭᠠᠵᠤ᠂ | 600 ᠡᠷᠦᠬᠡ ᠳᠤ ᠵᠣᠭᠤᠰ ᠢᠶᠠᠷ ᠨᠥᠬᠦᠪᠥᠷᠢᠯᠡᠨ᠎ᠡ᠃ | ︵ᠳᠥᠷᠪᠡ︶ ᠴᠢᠳᠠᠪᠤᠷᠢᠲᠠᠨ ᠤ ᠣᠷᠣᠨ ᠰᠠᠭᠤᠴᠠ ᠶᠢ ᠲᠤᠷᠰᠢᠨ ᠪᠠᠶᠢᠭᠤᠯᠤᠨ᠎ᠠ᠃ ᠶᠡᠭᠡ ᠰᠤᠷᠭᠠᠭᠤᠯᠢ | ᠲᠡᠭᠦᠰᠦᠭᠰᠡᠨ ᠤᠶᠤᠲᠠᠳ ᠤᠨ ᠠᠮᠤᠭᠤᠯᠠᠩ ᠰᠠᠭᠤᠴᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠤᠶᠤᠲᠠᠳ ᠤᠨ ᠣᠷᠣᠨ ᠰᠠᠭᠤᠴᠠ ᠶᠢ17.9 ᠲᠦᠮᠡᠨ ᠲᠡᠭᠰᠢ ᠳᠥᠷᠪᠡᠯᠵᠢᠨ ᠮᠧᠲᠷ᠂ 1790 ᠢᠵᠢ᠂ | ᠣᠶᠤᠲᠠᠨ ᠤ ᠨᠡᠶᠢᠲᠡ ᠶᠢᠨ ᠪᠠᠶᠢᠷᠢ ᠶᠢ 7.6 ᠲᠦᠮᠡᠨ ᠲᠡᠭᠰᠢ ᠳᠥᠷᠪᠡᠯᠵᠢᠨ ᠮᠧᠲᠷ᠂ 1500 ᠢᠵᠢ ᠶᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ︵ᠲᠠᠪᠤ︶ ᠣᠷᠣᠨ ᠰᠠᠭᠤᠴᠠ ᠶᠢᠨ ᠬᠤᠷᠢᠶᠠᠯᠠᠯ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ | ᠳᠡᠭᠡᠭᠰᠢᠯᠡᠭᠦᠯᠦᠨ᠎ᠡ᠃ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠡᠮᠬᠢ ᠴᠡᠭᠴᠡ ᠲᠠᠢ ᠬᠡᠷᠡᠭᠵᠢᠭᠦᠯᠵᠦ᠂ | 2020 ᠣᠨ ᠤ ᠰᠡᠭᠦᠯᠴᠢ ᠠᠴᠠ ᠡᠮᠦᠨ᠎ᠡ᠂ 51 ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠵᠦ᠂ | ᠪᠠᠷᠢᠯᠭ᠎ᠠ ᠶᠢᠨ ᠲᠠᠯᠠᠪᠠᠢ ᠨᠢ 119 ᠲᠦᠮᠡᠨ ᠲᠡᠭᠰᠢ ᠳᠥᠷᠪᠡᠯᠵᠢᠨ ᠮᠧᠲᠷ︔ ᠠᠳᠠᠯ ᠠᠬᠤᠢ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠲᠠᠸᠠᠷ ᠤᠨ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ | ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 100 % ᠳᠤ ᠬᠦᠷᠭᠡᠵᠦ᠂ ᠲᠤᠰᠬᠠᠶᠢᠵᠢᠭᠰᠠᠨ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠰᠠᠭᠤᠴᠠ ᠶᠢᠨ ᠬᠤᠷᠢᠶᠠᠯᠠᠯ ᠤᠨ ᠰᠠᠭᠤᠭᠠᠯᠢ ᠠᠷᠠᠳ ᠤᠨ ᠬᠠᠨᠤᠮᠵᠢ ᠶᠢᠨ | ᠨᠣᠷᠮ᠎ᠠ ᠶᠢ 75% ᠳᠤ ᠬᠦᠷᠭᠡᠨ᠎ᠡ᠃ | ︵ᠵᠢᠷᠭᠤᠭ᠎ᠠ︶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠮᠡᠷᠭᠡᠵᠢᠯ ᠢ ᠶᠡᠬᠡᠪᠡᠷ | ᠳᠡᠯᠭᠡᠷᠡᠭᠦᠯᠦᠨ᠎ᠡ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ | ᠂ ᠰᠢᠨ᠎ᠡ ᠪᠡᠯᠡᠳᠬᠡᠮᠵᠢ᠂ ᠰᠢᠨ᠎ᠡ ᠤᠷ᠎ᠠ ᠮᠡᠷᠭᠡᠰᠢᠯ ᠢ ᠶᠡᠬᠡᠪᠡᠷ ᠳᠡᠯᠭᠡᠷᠡᠭᠦᠯᠵᠦ᠂ 5 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠲᠥᠷᠥᠯ ᠵᠦᠢᠯ ᠢ ᠣᠶᠤᠨᠴᠢ ᠬᠤᠷᠢᠶᠠᠯᠠᠯ ᠪᠠᠶᠢᠭᠤᠯᠬᠤ ᠪᠠᠷᠢᠮᠵᠢᠶ᠎ᠠ | ᠶᠣᠰᠣᠭᠠᠷ ᠪᠦᠲᠦᠭᠡᠨ ᠪᠠᠶᠢᠭᠤᠯᠤᠨ᠎ᠠ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ 20 % ᠠᠴᠠ ᠳᠡᠭᠡᠭᠰᠢ ᠳᠤ ᠬᠦᠷᠭᠡᠵᠦ᠂ ᠪᠣᠬᠢᠷᠲᠤᠯ ᠥᠬᠡᠶ ᠪᠠᠷᠢᠯᠭ᠎ᠠ ᠶᠢᠨ | ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠬᠤᠲᠠ ᠶᠢᠨ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠥᠬᠦᠳ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠣᠷᠣᠯᠴᠠᠭᠰᠠᠨ | ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠠᠮᠲᠤᠷᠠᠭᠰᠠᠨ | ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠳᠤᠪᠤᠶᠢᠮ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ᠃ | ︵ᠬᠤᠶᠠᠷ︶ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠤᠲᠠ ᠶᠢᠨ ᠣᠷᠣᠨ ᠰᠠᠭᠤᠴᠠ | ᠪᠠ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ᠂ ᠭᠠᠵᠠᠷ ᠰᠢᠷᠣᠢ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠡᠯ᠎ᠡ ᠬᠠᠮᠢᠶ᠎ᠠ ᠪᠦᠬᠦᠢ | ᠭᠠᠵᠠᠷ ᠣᠷᠣᠨ ᠤ ᠬᠢᠨ ᠲᠣᠰ ᠲᠥᠯᠥᠪᠯᠡᠭᠡ ᠶᠢ ᠴᠢᠩᠭ᠎ᠠ ᠵᠢᠷᠤᠮᠯᠠᠨ ᠲᠣᠰ ᠭᠠᠵᠠᠷ ᠣᠷᠣᠨ᠂ ᠲᠣᠰ ᠰᠠᠯᠠᠭ᠎ᠠ | ᠮᠥᠴᠢᠷ ᠤᠨ ᠠᠵᠢᠯ ᠤᠨ ᠲᠥᠰᠦᠯ ᠢ ᠲᠣᠭᠲᠠᠭᠠᠵᠤ᠂ ᠡᠯ᠎ᠡ ᠵᠦᠢᠯ ᠤᠨ ᠠᠵᠢᠯ ᠢ ᠲᠦᠷᠭᠡᠨ ᠵᠣᠬᠢᠶᠠᠨ ᠪᠠᠶᠢᠭᠤᠯᠤᠨ | ᠥᠷᠨᠢᠭᠦᠯᠵᠦ᠂ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ | ᠮᠡᠳᠡᠭᠦᠯᠵᠦ᠂ ᠲᠥᠯᠥᠪᠯᠡᠭᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠰᠣᠨᠢᠨ ᠰᠡᠳᠬᠦᠯ᠂ ᠷᠠᠳᠢᠣ᠋ | ᠲᠧᠯᠸᠢᠰ᠂ ᠪᠢᠴᠢᠯ ᠪᠦᠷᠭᠡ᠂ ᠸᠢᠴᠠᠲ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠ᠂ ᠣᠷᠣᠨ | ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠴᠠᠭ ᠲᠤᠬᠠᠢ ᠳᠤᠨᠢ ᠢᠯᠡ ᠪᠠᠷ ᠨᠡᠶᠢᠲᠡᠯᠡᠵᠦ᠂ ᠵᠠᠬ᠎ᠠ | ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠪᠦᠲᠦᠮᠵᠢᠲᠡᠢ ᠬᠥᠲᠥᠯᠥᠨ ᠵᠢᠯᠣᠭᠤᠳᠴᠤ᠂ ᠣᠯᠠᠨ | ᠲᠦᠮᠡᠨ ᠢ ᠢᠳᠡᠪᠬᠢᠲᠡᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠵᠢᠱᠢᠯᠲᠡ ᠶᠢ ᠪᠦᠬᠦ ᠬᠦᠴᠦᠨ ᠢᠶᠠᠷ | ᠲᠣᠭᠲᠠᠪᠤᠷᠢᠵᠢᠭᠤᠯᠤᠨ᠎ᠠ᠃ |