ᠬᠦᠬᠡᠬᠤᠲᠠ‌‍ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2020-02-26
                ᠬᠦᠬᠡᠬᠤᠲᠠ ᠵᠠᠰᠠᠭ ᠲᠠᠷᠬᠠᠭᠠᠭᠰᠠᠨ ︵2019︶30 ᠳ᠋ᠤᠭᠠᠷ ᠲᠣᠭᠠᠲᠤ                2019 ᠣᠨ ᠤ7 ᠳ᠋ᠤᠭᠠᠷ ᠰᠠᠷ᠎ᠠ ᠶᠢᠨ29 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠬᠡᠬᠤᠲᠠ ᠶᠢᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠤ ᠢᠳᠡᠪᠬᠢᠲᠡᠢ ᠠᠭᠤᠰᠤᠯᠴᠠᠬᠤ ᠶᠢ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ᠂ ᠬᠦᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ ᠲᠤᠰ ᠰᠠᠨᠠᠯ ᠢ ᠲᠣᠭᠲᠠᠭᠠᠪᠠ᠃ ᠨᠢᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ      ︵ᠨᠢᠭᠡ︶ ᠲᠣᠰ ᠰᠠᠨᠠᠯ ᠢ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷ᠎ᠠ ᠳᠠᠩᠰᠠᠯᠠᠨ ᠲᠡᠮᠳᠡᠭᠯᠡᠭᠰᠡᠨ ᠪᠣᠢ ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠦᠬᠦᠨ ᠢ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠴᠥᠮ ᠬᠡᠷᠡᠭᠯᠡᠵᠦ ᠪᠣᠯᠤᠨ᠎ᠠ᠃ ᠭᠠᠶᠢᠯᠢ ᠪᠠᠲᠤᠯᠠᠬᠤ ᠣᠷᠤᠨ ᠳᠤ ᠤᠷᠤᠭᠰᠠᠨ ᠠᠵᠤ ᠠᠬᠤᠶᠢᠯᠠᠯ ᠤᠨ ᠱᠠᠩᠨᠠᠬᠤ ᠠᠭᠤᠯᠭ᠎ᠠ ᠳᠠᠪᠬᠤᠴᠠᠬᠤ ᠥᠶ᠎ᠡ ᠳᠤ᠂ ︽ᠠᠳᠠᠯᠢ ᠱᠠᠲᠤᠨ ᠤ ᠪᠡᠯᠡ ᠮᠥᠩᠭᠦ ᠶᠢᠨ ᠱᠠᠩᠨᠠᠬᠤ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠡᠷᠡᠭᠯᠡᠬᠦ ᠦᠭᠡᠢ᠂ ᠪᠤᠰᠤᠳ ᠲᠥᠷᠥ ᠶᠢᠨ ᠪᠣᠳᠣᠯᠭ᠎ᠠ ᠶᠢᠨ ᠰᠢᠯᠢᠳᠡᠭ ᠢ ᠨᠢ ᠰᠤᠩᠭᠤᠨ ᠬᠡᠷᠡᠭᠯᠡᠬᠦ︾ ᠵᠠᠷᠴᠢᠮ ᠢ ᠵᠢᠷᠤᠮᠯᠠᠨ᠎ᠠ᠃      ︵ᠬᠤᠶᠠᠷ︶ ᠬᠤᠲᠠ ᠶᠢᠨ ᠵᠠᠰᠠᠭ ᠤᠨ ᠣᠷᠳᠣᠨ ᠠᠴᠠ ᠪᠡᠯᠡ ᠭᠠᠷᠭᠠᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠲᠤᠰᠬᠠᠶ ᠵᠦᠢᠯ ᠤᠨ ᠪᠡᠯᠡ ᠮᠥᠩᠭᠦ ︵ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ︶ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠵᠢᠯ ᠤᠨ ᠣᠷᠣᠭᠤᠯᠵᠤ ᠭᠠᠷᠭᠠᠭᠰᠠᠨ ᠬᠡᠮᠵᠢᠶ᠎ᠡ ᠨᠢ 1000 ᠲᠦᠮᠡᠨ ᠳ᠋ᠣᠯᠯᠠᠷ᠂ 3000 ᠲᠦᠮᠡᠨ ᠳ᠋ᠣᠯᠯᠠᠷ ᠪᠣᠯᠤᠨ 5000 ᠲᠦᠮᠡᠨ ᠳ᠋ᠣᠯᠯᠠᠷ ᠲᠤ ᠬᠦᠷᠦᠭᠰᠡᠨ ᠢ ᠲᠣᠰ ᠲᠣᠰ 20 ᠲᠦᠮᠡᠨ ᠲᠥᠭᠦᠷᠢᠭ ᠠᠷᠠᠳ ᠤᠨ ᠵᠣᠭᠤᠰ᠂ 50 ᠲᠦᠮᠡᠨ ᠲᠥᠭᠦᠷᠢᠭ ᠠᠷᠠᠳ ᠤᠨ ᠵᠣᠭᠤᠰ ᠪᠣᠯᠤᠨ 100 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃ ᠳᠡᠰ ᠪᠦᠷᠢ ᠳᠤ ᠨᠢᠭᠡ ᠯᠡ ᠤᠳᠠᠭ᠎ᠠ ᠨᠥᠬᠦᠪᠥᠷᠢ ᠣᠯᠭᠤᠨ᠎ᠠ᠃      ︵ᠳᠥᠷᠪᠡ︶ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠵᠢᠯ ᠤᠨ ᠣᠷᠣᠭᠤᠯᠵᠤ ᠭᠠᠷᠭᠠᠬᠤ ᠲᠤᠭ᠎ᠠ ᠨᠢ 15 ᠲᠦᠮᠡᠨ ᠳ᠋ᠣᠯᠯᠠᠷ ᠠᠴᠠ ᠳᠡᠭᠡᠭᠰᠢ ᠳᠤ ᠬᠦᠷᠦᠭᠰᠡᠨ ᠪᠠᠭ᠎ᠠ ᠵᠢᠵᠢᠭ ᠠᠵᠤ ᠠᠬᠤᠶᠢᠯᠠᠯ ᠳᠤ᠂ 3 ᠲᠦᠮᠡᠨ ᠳ᠋ᠣᠯᠯᠠᠷ ᠤᠨ ᠣᠷᠣᠭᠤᠯᠵᠤ ᠭᠠᠷᠭᠠᠬᠤ ᠬᠡᠮᠵᠢᠶ᠎ᠡ ᠪᠦᠷᠢ ᠳᠤ1 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠡᠳᠬᠦᠬᠦ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠳᠠᠩ ᠭᠠᠭᠴᠠ ᠠᠵᠤ ᠠᠬᠤᠶᠢᠯᠠᠯ ᠤᠨ ᠲᠡᠳᠬᠦᠬᠦ ᠪᠡᠯᠡ ᠮᠥᠩᠭᠦ  ᠶᠢ 5 ᠲᠦᠮᠡᠨ ᠲᠥᠭᠦᠷᠢᠭ ᠠᠷᠠᠳ ᠤᠨ ᠵᠣᠭᠤᠰ ᠠᠴᠠ  ᠬᠡᠲᠦᠷᠡᠭᠦᠯᠬᠦ ᠦᠭᠡᠢ᠃      ︵ᠲᠠᠪᠤ︶ ᠬᠠᠮᠢᠶ᠎ᠠ ᠪᠦᠬᠦᠢ ᠠᠵᠤ ᠠᠬᠤᠶᠢᠯᠠᠯ ᠤᠨ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷ᠎ᠠ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡ ᠶᠢᠨ ᠰᠠᠭᠤᠷᠢᠨ ᠭᠠᠵᠠᠷ ᠪᠠ ᠳᠡᠯᠭᠡᠨ ᠦᠵᠡᠭᠦᠯᠬᠦ ᠲᠥᠪ ᠪᠠᠶᠢᠭᠤᠯᠬᠤ ᠶᠢ ᠳᠠᠮᠵᠢᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠠᠪᠠᠭᠰᠠᠨ ᠲᠥᠷᠥᠯ  ᠵᠦᠢᠯ ᠳᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠣᠯᠭᠤᠵᠤ᠂ ᠨᠥᠬᠦᠪᠥᠷᠢ ᠨᠢ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢᠨ 10 % ᠠᠴᠠ ᠬᠡᠲᠦᠷᠡᠵᠦ ᠪᠣᠯᠬᠤ ᠦᠭᠡᠢ᠂ ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠵᠦ ᠪᠣᠯᠬᠤ ᠦᠭᠡᠢ᠃      ︵ᠵᠢᠷᠭᠤᠭ᠎ᠠ︶ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡ ᠶᠢᠨ ᠰᠠᠭᠤᠷᠢᠨ ᠭᠠᠵᠠᠷ ᠪᠣᠯᠤᠨ ᠦᠵᠡᠭᠦᠯᠦᠯᠭᠡ ᠶᠢᠨ ᠲᠥᠪ ᠤᠨ ᠡᠵᠡᠩᠨᠡᠯᠲᠡ ᠬᠢᠵᠦ ᠪᠠᠶᠢᠭ᠎ᠠ ᠠᠵᠤ ᠠᠬᠤᠶᠢᠯᠠᠯ ᠤᠳ ᠡᠵᠡᠩᠨᠡᠭᠰᠡᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ᠂ ᠠᠵᠤ ᠦᠢᠯᠡᠰ ᠤᠨ ᠶᠡᠷᠦᠩᠬᠡᠢ ᠳᠠᠶᠢᠴᠢᠯᠠᠯᠲᠠ ᠶᠢᠨ ᠦᠷ᠎ᠡ ᠳ᠋ᠦᠩ ᠢ‌ᠦᠨᠡᠯᠡᠨ ᠲᠣᠭᠲᠠᠭᠠᠬᠤ ᠪᠠᠷ ᠳᠠᠮᠵᠢᠭᠤᠯᠤᠨ ᠨᠥᠬᠦᠪᠥᠷᠢ ᠣᠯᠭᠤᠵᠤ᠂ ᠨᠥᠬᠦᠪᠥᠷᠢ ᠪᠡᠯᠡ ᠮᠥᠩᠭᠦ ᠶᠢ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ 2.5 % ᠠᠴᠠ ᠬᠡᠲᠦᠷᠡᠭᠦᠯᠬᠦ ᠦᠭᠡᠢ᠂ ᠨᠥᠬᠦᠪᠥᠷᠢ ᠶᠢᠨ ᠶᠡᠷᠦᠩᠬᠡᠶ ᠲᠤᠭ᠎ᠠ ᠶᠢ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠳᠣᠯᠤᠭ᠎ᠠ︶ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠲᠤᠬᠠᠶ ᠶᠢᠨ ᠵᠢᠯ ᠤᠨ ᠭᠠᠷᠠᠮ ᠠᠴᠠ ᠰᠠᠯᠬᠤ  ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠭᠡᠷ᠎ᠡ ᠶᠢᠨ ᠶᠡᠷᠦᠩᠬᠡᠶ ᠲᠤᠭ᠎ᠠ ᠨᠢ 100 ᠲᠦᠮᠡᠨ ᠳ᠋ᠣᠯᠯᠠᠷ ᠠᠴᠠ ᠳᠡᠭᠡᠭᠰᠢ ᠪᠠᠶᠢᠪᠠᠯ ︵ᠬᠠᠮᠢᠶᠠᠷᠤᠯᠲᠠ ᠶᠢᠨ ᠵᠥᠪᠯᠡᠯ ᠵᠶ᠋ᠠᠷ‌ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠦᠨᠡᠯᠡᠨ ᠲᠣᠭᠲᠠᠭᠠᠯᠭᠠᠨ᠎ᠠ︶ 1 ᠳ᠋ᠣᠯᠯᠠᠷ ᠪᠦᠷᠢ ᠳᠤ 0.01 ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠨᠠᠢᠮᠠ︶ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠭᠠᠳᠯᠠᠨ ᠲᠣᠭᠲᠠᠭᠠᠯᠲᠠ ᠶᠢ ᠣᠯᠤᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ  ᠦᠢᠯᠡᠴᠢᠯᠡᠭᠡᠨ ᠤ ᠠᠵᠤ ᠠᠬᠤᠶᠢᠯᠠᠯ ᠳᠤ᠂ ᠨᠥᠬᠦᠪᠥᠷᠢ ᠶᠢ ᠣᠯᠠᠨ ᠨᠡᠶᠢᠲᠡ ᠶᠢᠨ ᠦᠢᠯᠡᠴᠢᠯᠡᠭᠡᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ30 % ᠠᠴᠠ ᠬᠡᠲᠦᠷᠡᠭᠦᠯᠬᠦ ᠦᠭᠡᠢ᠂ ᠳᠠᠩ ᠭᠠᠭᠴᠠ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠨᠥᠬᠦᠪᠥᠷᠢᠯᠡᠨ᠎ᠡ᠃      ︵ᠶᠢᠰᠦ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡ ᠶᠢᠨ ᠲᠥᠷᠥᠯ ᠤᠨ ᠠᠵᠤ ᠠᠬᠤᠶᠢᠯᠠᠯ ᠳᠤ ᠬᠦᠷᠢᠶᠡᠯᠡᠩ ᠲᠣᠭᠤᠷᠢᠭ ᠤᠨ ᠳᠣᠲᠣᠷ᠎ᠠ ᠬᠥᠮᠦᠷᠭᠡᠯᠡᠨ ᠬᠠᠳᠠᠭᠠᠯᠠᠬᠤ᠂ ᠪᠠᠷᠠᠭ᠎ᠠ ᠪᠥᠭᠡᠮᠨᠡᠷᠡᠭᠦᠯᠬᠦ᠂ ᠰᠠᠯᠭᠠᠨ ᠶᠠᠪᠤᠭᠤᠯᠬᠤ ᠪᠠᠷᠠᠭ᠎ᠠ ︵ᠪᠣᠭᠤᠮᠲᠠ ᠶᠢᠨ ᠪᠦᠷᠢᠳᠬᠡᠯ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠂ ᠵᠢᠯ ᠤᠨ ᠪᠠᠷᠠᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠨᠢ 50 ᠪᠠᠷᠢᠮᠵᠢᠶ᠎ᠠ ᠬᠠᠶᠢᠷᠴᠠᠭ ᠠᠴᠠ ᠳᠣᠣᠷ᠎ᠠ ᠥᠬᠡᠶ ᠪᠣᠯ 20 ᠲᠣᠬᠤᠢ ᠶᠢᠨ ᠪᠠᠷᠢᠮᠵᠢᠶ᠎ᠠ ᠬᠠᠶᠢᠷᠴᠠᠭ ᠪᠦᠷᠢ ᠳᠤ1000 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠵᠤ᠂ 40 ᠲᠣᠬᠤᠢ ᠶᠢᠨ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ ᠳᠠᠩ  ᠭᠠᠭᠴᠠ ᠠᠵᠤ ᠠᠬᠤᠶᠢᠯᠠᠯ ᠢ ᠱᠠᠩᠨᠠᠬᠤ ᠳᠤ ᠵᠢᠯ ᠳᠤ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠨᠥᠬᠦᠪᠥᠷᠢ ᠥᠭᠬᠦ ᠬᠤᠭᠤᠴᠠᠭ᠎ᠠ ᠨᠢ 3 ᠵᠢᠯ ᠪᠣᠯᠤᠨ᠎ᠠ᠃      ︵ᠠᠷᠪᠠ︶ ᠭᠠᠳᠠᠭᠠᠳᠤ ᠳᠠᠬᠢ ᠬᠥᠮᠥᠷᠭᠡ᠂ ᠤᠶᠤᠨᠲᠤ ᠪᠣᠭᠤᠮᠲᠠ ᠶᠢᠨ ᠬᠥᠮᠥᠷᠭᠡ᠂ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠪᠥᠭᠡᠮᠨᠡᠷᠡᠭᠦᠯᠬᠦ ᠬᠥᠮᠥᠷᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠰᠬᠠᠶ ᠬᠡᠷᠡᠭᠯᠡᠬᠦ ᠬᠥᠯᠳᠡᠭᠡᠬᠦ ᠬᠡᠯᠬᠢᠶᠡᠰᠦ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠂ ᠡᠭᠦᠨ ᠳᠤ ᠪᠠᠷᠠᠭ᠎ᠠ ᠶᠢᠨ ᠲᠠᠯᠪᠢᠭᠤᠷ ︵ᠪᠠᠷᠠᠭ᠎ᠠ ᠶᠢᠨ ᠬᠤᠷᠭᠤ︶᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ᠳᠠᠮᠵᠢᠭᠤᠯᠬᠤ ᠰᠢᠰᠲ᠋ᠧᠮ᠂ ᠲᠤᠰᠬᠠᠶ ᠲᠦᠯᠬᠢᠬᠦ ᠲᠡᠷᠭᠡ ︵ᠠᠴᠠ ᠲᠡᠷᠭᠡ︶᠂ ᠤᠶᠤᠨᠲᠤ ᠮᠠᠰᠢᠨ ᠬᠥᠮᠦᠨ᠂ ᠤᠶᠤᠨᠲᠤ ᠪᠠᠷᠠᠭ᠎ᠠ ᠶᠢᠨ ᠭᠦᠢᠯᠭᠡᠭᠡᠨ ᠤ ᠲᠡᠷᠭᠡ᠂ ᠲᠤᠰᠠᠯᠠᠬᠤ ᠲᠥᠬᠦᠭᠡᠷᠦᠮᠵᠢ ᠪᠣᠯᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠪᠠᠭᠲᠠᠨ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢᠶᠠᠷ ᠮᠠᠭᠠᠳᠯᠠᠨ ᠲᠣᠭᠲᠠᠭᠠᠯᠭᠠᠭᠠᠳ᠂ ᠲᠥᠷᠥᠯ ᠵᠦᠢᠯ ᠢ ᠬᠢᠨᠠᠨ ᠲᠣᠭᠲᠠᠭᠠᠬᠤ ᠳᠤ ᠬᠢᠷᠢ ᠲᠡᠩᠴᠡᠭᠰᠡᠨ ᠤ ᠳᠠᠷᠠᠭ᠎ᠠ᠂ ᠶᠡᠷᠦᠩᠬᠡᠶ ᠪᠡᠯᠡ ᠣᠷᠣᠭᠤᠯᠤᠯᠲᠠ ᠶᠢᠨ  ᠬᠡᠮᠵᠢᠶ᠎ᠡ ᠶᠢᠨ 20 % ᠶᠢᠨ ᠪᠡᠯᠡ ᠮᠥᠩᠭᠦ ᠶᠢᠨ ᠳᠡᠮᠵᠢᠯᠭᠡ ᠣᠯᠭᠤᠵᠤ᠂ ᠲᠥᠷᠥᠯ ᠵᠦᠢᠯ ᠨᠢᠭᠡᠪᠦᠷᠢ ᠪᠤᠶᠤ ᠠᠵᠤ ᠠᠬᠤᠶᠢᠯᠠᠯ ᠨᠢᠭᠡᠪᠦᠷᠢ ᠳᠤ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃      ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 300 ᠲᠦᠮᠡᠨ ᠳ᠋ᠣᠯᠯᠠᠷ ᠠᠴᠠ ᠳᠡᠭᠡᠭᠰᠢ ᠳᠤ ᠬᠦᠷᠦᠭᠰᠡᠨ ᠮᠥᠷᠲᠡᠭᠡᠨ ᠵᠢᠯ ᠳᠤ ᠪᠣᠳᠠᠲᠠᠶ ᠡᠭᠦᠰᠦᠭᠰᠡᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠵᠠᠷᠤᠳᠠᠯ ᠨᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠠᠵᠤ  ᠠᠬᠤᠶᠢᠯᠠᠯ ᠳᠤ᠂ ᠵᠢᠯ ᠤᠨ ᠪᠣᠳᠠᠲᠠᠶ ᠡᠭᠦᠰᠦᠭᠰᠡᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠵᠠᠷᠤᠳᠠᠯ ᠤᠨ10 % ᠪᠠᠷ ᠪᠡᠯᠡ ᠮᠥᠩᠭᠦ ᠶᠢᠨ ᠨᠥᠬᠦᠪᠥᠷᠢ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠪᠡᠯᠡ ᠮᠥᠩᠭᠦ ᠶᠢᠨ ᠲᠡᠳᠬᠦᠮᠵᠢ ᠶᠢ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠂ ᠨᠥᠬᠦᠪᠥᠷᠢ ᠶᠢᠨ ᠬᠤᠭᠤᠴᠠᠭ᠎ᠠ ᠨᠢ 3 ᠵᠢᠯ ᠪᠣᠯᠤᠨ᠎ᠠ᠃      ︵ᠠᠷᠪᠠᠨ ᠬᠤᠶᠠᠷ︶ ᠡᠳ᠋ᠰᠢᠭᠦᠯᠵᠤ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠷᠥᠯ ᠤᠨ ᠠᠵᠤ ᠠᠬᠤᠶᠢᠯᠠᠯ ᠤᠨ ᠵᠢᠯ ᠤᠨ ᠣᠷᠣᠭᠤᠯᠵᠤ ᠭᠠᠷᠭᠠᠬᠤ ᠲᠤᠭ᠎ᠠ ᠨᠢ 300 ᠲᠦᠮᠡᠨ ᠳ᠋ᠣᠯᠯᠠᠷ ᠲᠤ ᠬᠦᠷᠴᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠭᠡᠷ ᠬᠥᠷᠥᠩᠭᠡ ︵ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ ᠵᠢᠴᠢ ᠳᠡᠯᠭᠡᠨ ᠦᠵᠡᠭᠦᠯᠬᠦ ᠰᠠᠭᠤᠷᠢᠨ ᠭᠠᠵᠠᠷ ᠵᠡᠷᠭᠡ ᠪᠠᠭᠲᠠᠨ᠎ᠠ︶ ᠶᠢ ᠲᠦᠷᠢᠶᠡᠰᠦᠯᠡᠭᠰᠡᠨ ᠠᠵᠤ ᠠᠬᠤᠶᠢᠯᠠᠯ ᠳᠤ ᠪᠣᠯ ᠲᠦᠷᠦᠭᠦᠤ 3 ᠵᠢᠯ ᠳᠤ ᠪᠦᠬᠦ ᠲᠣᠭᠠᠨ ᠤ ᠲᠦᠷᠢᠶᠡᠰᠦᠨ ᠮᠥᠩᠭᠦ ᠶᠢ ᠨᠥᠬᠦᠪᠥᠷᠢᠯᠡᠵᠦ᠂ ᠰᠡᠭᠦᠯ ᠤᠨ 2 ᠵᠢᠯ ᠳᠤ 50 % ᠶᠢᠨ ᠲᠦᠷᠢᠶᠡᠰᠦᠨ ᠮᠥᠩᠭᠦ ᠶᠢ ᠨᠥᠬᠦᠪᠥᠷᠢᠯᠡᠵᠦ᠂ ᠨᠥᠬᠦᠪᠥᠷᠢᠯᠡᠬᠦ ᠬᠤᠭᠤᠴᠠᠭ᠎ᠠ ᠶᠢ 5 ᠵᠢᠯ ᠠᠴᠠ ᠳᠠᠪᠠᠭᠤᠯᠬᠤ ᠦᠭᠡᠢ᠃      ︵ᠠᠷᠪᠠᠨ ᠭᠤᠷᠪᠠ︶ ᠭᠠᠶᠢᠯᠢ ᠪᠠᠲᠤᠯᠠᠬᠤ ᠦᠵᠡᠭᠦᠯᠦᠯᠭᠡ ᠶᠢᠨ ᠲᠥᠷᠥᠯ ᠤᠨ ᠠᠵᠤ ᠠᠬᠤᠶᠢᠯᠠᠯ ᠳᠤ ᠵᠠᠰᠠᠯ ᠴᠢᠮᠡᠭᠯᠡᠯ ᠤᠨ ᠶᠡᠷᠦᠩᠬᠡᠶ ᠪᠡᠯᠡ ᠣᠷᠣᠭᠤᠯᠤᠯᠲᠠ ᠶᠢᠨ 30 %᠂ ᠶᠡᠷᠦᠩᠬᠡᠶ ᠲᠤᠭ᠎ᠠ ᠨᠢ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠬᠦ ᠥᠬᠡᠶ ᠵᠠᠰᠠᠯ ᠴᠢᠮᠡᠭᠯᠡᠯ ᠤᠨ ᠰᠠᠭᠤᠷᠢᠨ ᠭᠠᠵᠠᠷ ᠤᠨ ᠵᠠᠰᠠᠯ ᠴᠢᠮᠡᠭᠯᠡᠯ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠥᠷᠢ ᠣᠯᠭᠤᠨ᠎ᠠ᠃      ︵ᠠᠷᠪᠠᠨ ᠳᠥᠷᠪᠡ︶ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠥᠪᠯᠡᠯ ᠢᠶᠠᠷ ᠵᠥᠪᠰᠢᠶᠡᠷᠡᠭᠦᠯᠦᠭᠰᠡᠨ ᠬᠢᠯᠢ ᠶᠢᠨ ᠳᠣᠲᠣᠷ᠎ᠠ ᠭᠠᠳᠠᠨᠠᠬᠢ ᠳᠡᠯᠭᠡᠨ ᠦᠵᠡᠰᠬᠦᠯᠡᠩ᠂ ᠳᠡᠯᠭᠡᠨ ᠦᠵᠡᠭᠦᠯᠭᠡ ᠳᠤ ᠣᠷᠣᠯᠴᠠᠭᠰᠠᠨ ᠠᠵᠤ ᠠᠬᠤᠶᠢᠯᠠᠯ ᠳᠤ ᠳᠡᠯᠭᠡᠨ ᠦᠵᠡᠭᠦᠯᠬᠦ ᠵᠠᠷᠤᠳᠠᠯ ᠤᠨ ᠪᠣᠳᠠᠲᠠᠶ ᠪᠣᠢ ᠪᠣᠯᠤᠭᠰᠠᠨ ᠲᠤᠭ᠎ᠠ ᠶᠢᠨ 70 % ᠶᠢᠨ ᠱᠠᠩᠨᠠᠯ ᠣᠯᠭᠤᠨ᠎ᠠ ︵ᠬᠠᠮᠢᠶ᠎ᠠ ᠪᠦᠬᠦᠢ ᠮᠡᠳᠡᠭᠳᠡᠯ᠂ ᠭᠡᠷ᠎ᠡ ᠵᠢᠴᠢ ᠫᠢᠶᠣᠣ ᠪᠠᠷᠢᠮᠲᠠ ᠬᠠᠩᠭᠠᠬᠤ ᠴᠢᠬᠤᠯᠠ ᠲᠠᠢ︶᠃      ︵ᠠᠷᠪᠠᠨ ᠲᠠᠪᠤ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠲᠣᠰ ᠲᠣᠰ 300 ᠲᠦᠮᠡᠨ ᠲᠥᠭᠦᠷᠢᠭ ︵ᠪᠠᠭᠲᠠᠭᠠᠨ᠎ᠠ︶ ᠠᠴᠠ ᠳᠡᠭᠡᠭᠰᠢ ᠪᠠ 2000 ᠲᠦᠮᠡᠨ ᠲᠥᠭᠦᠷᠢᠭ ︵ᠪᠠᠭᠲᠠᠭᠠᠨ᠎ᠠ︶ᠠᠷᠠᠳ ᠤᠨ ᠵᠣᠭᠤᠰ ᠠᠴᠠ ᠳᠡᠭᠡᠭᠰᠢ ᠬᠦᠷᠦᠭᠰᠡᠨ ᠮᠡᠷᠭᠡᠵᠢᠯ ᠤᠨ ᠥᠭᠡᠷᠡᠴᠢᠯᠡᠯᠲᠡ᠂ ︽ᠮᠠᠰᠢᠨ ᠢᠶᠠᠷ ᠬᠥᠮᠦᠨ ᠰᠣᠯᠢᠬᠤ︾ ᠲᠥᠷᠥᠯ ᠵᠦᠢᠯ ᠳᠤ ᠲᠣᠰ ᠲᠣᠰ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ 15 % ᠪᠠ 18 % ᠪᠠᠷ ᠳᠡᠮ ᠬᠦᠤ ᠥᠭᠴᠦ᠂ ᠳᠠᠩ ᠭᠠᠭᠴᠠ ᠲᠥᠷᠥᠯ ᠵᠦᠢᠯ ᠤᠨ ᠳᠡᠮ ᠬᠦᠤ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠠᠷᠪᠠᠨ ᠵᠢᠷᠭᠤᠭ᠎ᠠ︶ ᠭᠠᠶᠢᠯᠢ ᠪᠠᠲᠤᠯᠠᠬᠤ ᠡᠳ᠋ᠰᠢᠭᠦᠯᠬᠦ ᠲᠥᠷᠥᠯ ᠤᠨ ᠠᠵᠤ ᠠᠬᠤᠶᠢᠯᠠᠯ ᠤᠨ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠣᠤᠷ᠎ᠠ ᠦᠭᠡᠢ ᠪᠠᠶᠢᠪᠠᠯ᠂ ᠶᠡᠷᠦᠩᠬᠡᠶ ᠪᠡᠯᠡ ᠣᠷᠣᠭᠤᠯᠤᠯᠲᠠ ᠶᠢᠨ 5 %᠂ ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠬᠦ ᠦᠭᠡᠢ ᠲᠥᠬᠦᠭᠡᠷᠦᠮᠵᠢ ᠶᠢ ᠨᠡᠭᠦᠯᠭᠡᠬᠦ ︵ᠪᠠᠷᠠᠭ᠎ᠠ ᠶᠢᠨ ᠭᠦᠢᠯᠭᠡᠭᠡ︶ ᠨᠥᠬᠦᠪᠥᠷᠢ ᠣᠯᠭᠤᠨ᠎ᠠ᠃      ︵ᠠᠷᠪᠠᠨ ᠳᠣᠯᠤᠭ᠎ᠠ︶ ᠡᠳ᠋ᠰᠢᠭᠦᠯᠦᠨ ᠦᠢᠯᠡᠳᠬᠦ ᠲᠥᠷᠥᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠨᠢ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠦᠨ᠂ ᠣᠷᠴᠢᠨ ᠲᠣᠭᠤᠷᠢᠨ ᠢ ᠬᠠᠮᠠᠭᠠᠯᠠᠬᠤ᠂ ᠳᠣᠤᠷ᠎ᠠ ᠨᠡᠭᠦᠷᠡᠰᠦᠲᠥ᠋ᠷᠥᠭᠴᠢᠲᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠦᠢᠯᠡᠳᠬᠦᠨ ᠦᠢᠯᠡᠳᠪᠦᠷᠢᠯᠡᠬᠦ ᠳᠤ ᠰᠢᠯᠵᠢᠪᠡᠯ᠂ ᠲᠡᠭᠦᠨ ᠤ ᠰᠢᠨ᠎ᠡ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠦᠨᠳᠦᠰᠦᠯᠡᠨ ᠲᠤᠰᠬᠠᠶ ᠵᠦᠢᠯ ᠢᠶᠠᠷ ᠲᠡᠳᠬᠦᠵᠦ ᠪᠣᠯᠤᠨ᠎ᠠ᠃      ︵ᠠᠷᠪᠠᠨ ᠨᠠᠢᠮᠠ︶ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠᠷ ᠳᠠᠮᠵᠢᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠭᠠᠳᠠᠭᠠᠳᠤ ᠠᠴᠠ ᠣᠷᠤᠭᠤᠯᠤᠭᠰᠠᠨ ᠲᠥᠬᠦᠭᠡᠷᠦᠮᠵᠢ ︵ᠲᠣᠨᠤᠭᠯᠠᠯ︶ ᠶᠢ ᠣᠷᠣᠯᠠᠭᠤᠯᠬᠤ ᠵᠢᠴᠢ ᠮᠠᠨ ᠤ ᠬᠤᠲᠠ ᠶᠢᠨ ᠭᠤᠤᠯᠯᠠᠬᠤ ᠠᠵᠢᠯ ᠲᠥᠷᠥᠯ ᠳᠤ ᠨᠡᠶᠢᠲᠡᠯᠢᠭ ᠮᠡᠷᠭᠡᠵᠢᠯ ᠪᠣᠯᠤᠨ ᠵᠠᠩᠭᠢᠯᠠᠭ᠎ᠠ ᠶᠢᠨ ᠮᠡᠷᠭᠡᠵᠢᠯ ᠤᠨ ᠳᠡᠮᠵᠢᠯᠭᠡ ᠬᠠᠩᠭᠠᠬᠤ ᠲᠡᠷᠢᠭᠦᠨ ᠤ ᠲᠣᠨᠤᠭ ᠲᠥᠬᠦᠭᠡᠷᠦᠮᠵᠢ ᠶᠢ ᠦᠢᠯᠡᠳᠴᠦ᠂ ᠦᠨᠡᠯᠡᠨ ᠲᠣᠭᠲᠠᠭᠠᠬᠤ ᠪᠠᠷ ᠳᠠᠮᠵᠢᠭᠠᠳ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ ᠲᠥᠪᠰᠢᠨ ᠳᠤ ᠬᠦᠷᠦᠭᠰᠡᠨ ᠪᠠᠶᠢᠪᠠᠯ᠂ ᠦᠨᠡᠯᠡᠨ ᠵᠢᠱᠢᠭᠰᠡᠨ ᠦᠨ᠎ᠡ ᠬᠠᠩᠰᠢ ᠶᠢ ᠦᠨᠳᠦᠰᠦᠯᠡᠨ᠂ 18 % ᠶᠢᠨ ᠳᠡᠮ ᠬᠦᠤ ᠣᠯᠭᠤᠯᠵᠤ᠂ ᠳᠠᠩ ᠭᠠᠭᠴᠠ ᠲᠥᠷᠥᠯ ᠵᠦᠢᠯ ᠤᠨ ᠳᠡᠮ ᠬᠦᠤ ᠶᠢᠨ ᠲᠤᠭ᠎ᠠ ᠶᠢ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠠᠪᠠᠭᠤᠯᠬᠤ ᠦᠭᠡᠢ᠃      ︵ᠠᠷᠪᠠ ᠶᠢᠰᠦ︶ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠳᠠᠮᠵᠢᠵᠤ᠂ ᠭᠠᠳᠠᠭᠠᠳᠤ ᠳᠤ ᠭᠠᠷᠭᠠᠬᠤ ᠨᠡᠷᠡᠲᠦ ᠲᠡᠮᠳᠡᠭᠲᠦ ᠲᠠᠸᠠᠷ ᠢ ᠪᠣᠶᠢᠵᠢᠭᠤᠯᠤᠨ᠎ᠠ᠃ ᠲᠤᠬᠠᠶ ᠶᠢᠨ ᠵᠢᠯ ᠤᠨ ᠤᠯᠤᠰ ᠤᠨ ︽ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠨᠡᠷᠡᠲᠦ ᠲᠡᠮᠳᠡᠭᠲᠦ ᠲᠠᠸᠠᠷ︾ ᠤᠨ ᠨᠡᠷᠡᠲᠦ ᠲᠥᠷᠥᠯ ᠲᠡᠮᠳᠡᠭᠲᠦ ᠶᠢ ᠰᠢᠨ᠎ᠡ ᠪᠠᠷ ᠣᠯᠤᠭᠰᠠᠨ ᠠᠵᠤ ᠠᠬᠤᠶᠢᠯᠠᠯ ᠢ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠣᠯᠠᠨ ᠤᠯᠤᠰ ᠤᠨ ᠲᠠᠸᠠᠷ ᠤᠨ ᠲᠡᠮᠳᠡᠭ ᠢ ᠠᠩᠬ᠎ᠠ ᠤᠳᠠᠭ᠎ᠠ ᠭᠤᠶᠤᠴᠢᠯᠠᠬᠤ ᠳᠤ᠂ ᠳᠠᠩᠰᠠᠯᠠᠭᠤᠯᠤᠭᠰᠠᠨ ᠵᠠᠷᠤᠳᠠᠯ ᠤᠨ 50 % ᠶᠢ ᠨᠢ ᠨᠥᠬᠦᠪᠦᠷᠢᠯᠡᠨ᠎ᠡ᠂ ᠭᠡᠪᠡᠴᠦ ᠬᠠᠮᠤᠭ ᠤᠨ ᠥᠨᠳᠥᠷ ᠬᠡᠮᠵᠢᠶ᠎ᠡ ᠠᠴᠠ ᠬᠡᠲᠦᠷᠡᠭᠦᠯᠬᠦ ᠥᠬᠡᠶ᠂ ᠪᠣᠳᠠᠲᠠᠶ ᠪᠠᠷ ᠬᠡᠯᠡᠪᠡᠯ᠄ ᠮᠠᠳ᠋ᠷᠢᠳ᠋  ᠰᠢᠰᠲ᠋ᠧᠮᠵᠢ ᠪᠠᠷ ᠳᠠᠮᠵᠢᠨ ᠳᠠᠩᠰᠠᠯᠠᠭᠤᠯᠤᠭᠰᠠᠨ ᠪᠠᠶᠢᠪᠠᠯ᠂ ᠵᠢᠭᠠᠨ ᠲᠣᠭᠲᠠᠭᠠᠭᠰᠠᠨ ᠤᠯᠤᠰ ᠪᠤᠶᠤ ᠭᠠᠵᠠᠷ ᠣᠷᠣᠨ ᠤ ᠲᠠᠸᠠᠷ ᠤᠨ ᠲᠡᠮᠳᠡᠭ ᠨᠢᠭᠡᠪᠦᠷᠢ ᠳᠤ ᠬᠠᠮᠤᠭ ᠤᠨ ᠥᠨᠳᠥᠷ ᠲᠡᠭᠡᠨ 2000 ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠥᠬᠡᠶ᠂ ᠨᠥᠬᠦᠪᠥᠷᠢ ᠥᠭᠭᠦᠭᠰᠡᠨ ᠤᠯᠤᠰ ᠪᠤᠶᠤ ᠭᠠᠵᠠᠷ ᠣᠷᠣᠨ ᠨᠢᠭᠡᠪᠦᠷᠢ ᠶᠢᠨ ᠲᠤᠭ᠎ᠠ ᠶᠢ 20 ᠠᠴᠠ ᠬᠡᠲᠦᠷᠡᠭᠦᠯᠬᠦ ᠥᠬᠡᠶ︔ ᠧᠦ᠋ᠷᠣᠫᠠ ᠶᠢᠨ ᠬᠤᠯᠪᠣᠭ᠎ᠠ᠂ ᠠᠹᠷᠢᠺᠠ ᠲᠢᠪ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠶᠠᠨ ᠪᠠᠶᠢᠭᠤᠯᠤᠯᠲᠠ᠂ ᠳᠠᠩ ᠭᠠᠭᠴᠠ ᠤᠯᠤᠰ ᠲᠤ ᠳᠠᠩᠰᠠᠯᠠᠭᠤᠯᠤᠭᠰᠠᠨ ᠪᠠᠶᠢᠪᠠᠯ᠂ ᠨᠥᠬᠦᠪᠥᠷᠢ ᠮᠥᠩᠭᠦ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠡᠭᠡᠨ 5000 ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔ ᠰᠢᠶᠠᠩᠭᠠᠩ᠂ ᠣᠣᠮᠧᠨ᠂ ᠲᠠᠶᠢᠸᠠᠨ ᠳᠤ ᠳᠠᠩᠰᠠᠯᠠᠭᠤᠯᠤᠭᠰᠠᠨ ᠪᠠᠶᠢᠪᠠᠯ᠂ ᠨᠥᠬᠦᠪᠥᠷᠢ ᠥᠭᠬᠦ ᠪᠠᠷᠢᠮᠵᠢᠶ᠎ᠠ ᠶᠢ ᠬᠠᠮᠤᠭ ᠤᠨ ᠥᠨᠳᠥᠷ ᠲᠡᠭᠡᠨ 2000 ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠬᠤᠷᠢ︶ ᠭᠤᠷᠪᠠᠳᠠᠬᠢ ᠡᠲᠡᠭᠡᠳ ᠤᠨ ᠬᠢᠯᠢ ᠠᠯᠤᠰᠯᠠᠨ ᠲᠣᠭᠠᠴᠠᠭ᠎ᠠ ᠬᠢᠬᠦ ᠲᠠᠪᠴᠠᠩ ᠢ ᠬᠥᠭᠵᠢᠭᠦᠯᠦᠨ᠎ᠡ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠣᠯᠭᠤᠭᠰᠠᠨ ᠢᠨᠲ᠋ᠧᠷ ᠰᠦᠯᠵᠢᠶ᠎ᠡ ᠪᠠᠷ ᠲᠥᠯᠥᠬᠦ ᠲᠤᠬᠠᠶᠢᠯᠠᠭᠰᠠᠨ ᠠᠵᠢᠯ ᠢ ᠪᠠᠭᠲᠠᠭᠠᠭᠰᠠᠨ ︽ᠲᠥᠯᠦᠬᠦ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠪᠥᠭᠡᠳ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷ ᠳᠠᠮᠵᠢᠨ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠶᠢᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠳᠠᠩᠰᠠᠯᠠᠭᠤᠯᠤᠭᠰᠠᠨ ᠭᠤᠷᠪᠠᠳᠠᠬᠢ ᠡᠲᠡᠭᠡᠳ ᠤᠨ ᠲᠥᠯᠥᠬᠦ ᠺᠣᠮᠫᠠᠨᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠲᠤᠰᠠᠭᠠᠷ ᠲᠣᠭᠠᠴᠠᠭ᠎ᠠ ᠬᠢᠬᠦ ᠪᠦᠬᠦ ᠤᠯᠤᠰ ᠤᠨ ᠴᠢᠨᠠᠷᠲᠠᠶ ᠪᠤᠶᠤ ᠣᠷᠣᠨ ᠪᠦᠰᠡ ᠶᠢᠨ ᠴᠢᠨᠠᠷᠲᠠᠶ ᠶᠡᠷᠦᠩᠬᠡᠶ ᠭᠠᠵᠠᠷ ᠢ ᠪᠠᠶᠢᠭᠤᠯᠵᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠯᠦᠬᠦ ᠲᠤᠬᠠᠶᠢᠯᠠᠭᠰᠠᠨ ᠠᠵᠢᠯ ᠢ  ᠥᠷᠨᠢᠭᠦᠯᠦᠭᠰᠡᠨ ᠢ ᠳᠡᠭᠡᠷ᠎ᠡ ᠨᠢᠭᠡ ᠵᠢᠯ ᠤᠨ ᠰᠦᠯᠵᠢᠶᠡᠨ ᠳᠡᠭᠡᠷᠡᠬᠢ ᠠᠷᠠᠯᠵᠢᠶᠠᠯᠠᠭᠰᠠᠨ ᠲᠤᠭ᠎ᠠ ᠨᠢ 1 ᠳ᠋ᠦᠩᠰᠢᠭᠤᠷ ᠳ᠋ᠣᠯᠯᠠᠷ ᠢ ᠳᠠᠪᠠᠭᠰᠠᠨ ᠪᠠᠶᠢᠪᠠᠯ᠂1 ᠳ᠋ᠦᠩᠰᠢᠭᠤᠷ ᠳ᠋ᠣᠯᠯᠠᠷ ᠪᠦᠷᠢ ᠳᠤ 100 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠡᠳᠬᠦᠬᠦ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠨᠢᠭᠡᠪᠦᠷᠢ ᠶᠢᠨ ᠪᠡᠯᠡ ᠮᠥᠩᠭᠦ ᠶᠢᠨ ᠲᠡᠳᠬᠦᠮᠵᠢ ᠶᠢ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠬᠤᠷᠢᠨ ᠨᠢᠭᠡ︶ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠲᠡᠳᠬᠦᠬᠦ ᠡᠷᠴᠢᠮ ᠢ ᠴᠢᠩᠭᠠᠳᠬᠠᠨ᠎ᠠ᠃ ᠵᠢᠯ ᠤᠨ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 300 ᠲᠦᠮᠡᠨ ᠳ᠋ᠣᠯᠯᠠᠷ ᠠᠴᠠ ᠳᠡᠭᠡᠭᠰᠢ ᠳᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠵᠠᠷᠤᠳᠠᠯ ᠤᠨ 30 % ᠶᠢᠨ ᠪᠡᠯᠡ ᠮᠥᠩᠭᠦ ᠶᠢᠨ ᠨᠥᠬᠦᠪᠥᠷᠢ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠨᠥᠬᠦᠪᠥᠷᠢ ᠶᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠬᠤᠷᠢᠨ ᠬᠤᠶᠠᠷ︶ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠠᠶᠢᠯᠠᠭᠰᠠᠨ ᠠᠵᠢᠯ ︵ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠵᠤ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠰᠢᠭᠤᠳ ᠭᠤᠪᠢᠭᠤᠯᠬᠤ᠂ B 2 B᠂ B 2 C ᠶᠢ ᠪᠠᠭᠲᠠᠭᠠᠨ᠎ᠠ︶ ᠥᠷᠨᠢᠭᠦᠯᠬᠦ ᠶᠢ ᠵᠣᠷᠢᠭᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠥᠷᠨᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢᠶᠠᠷ ᠳᠠᠮᠵᠢᠭᠤᠯᠤᠨ᠂ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 10 ᠲᠦᠮᠡᠨ ᠳ᠋ᠣᠯᠯᠠᠷ ᠢ ᠳᠠᠪᠠᠭᠰᠠᠨ ᠠᠵᠤ ᠠᠬᠤᠶᠢᠯᠠᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠶᠢᠨ 5 % ᠶᠢᠨ ᠪᠡᠯᠡ ᠮᠥᠩᠭᠦ ᠶᠢᠨ ᠲᠡᠳᠬᠦᠮᠵᠢ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠲᠡᠳᠬᠦᠬᠦ ᠵᠣᠭᠤᠰ ᠤᠨ ᠲᠤᠭ᠎ᠠ ᠶᠢ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠵᠢᠯ ᠢᠶᠠᠷ ᠣᠯᠭᠤᠨ᠎ᠠ᠂ ᠨᠥᠬᠦᠪᠥᠷᠢ ᠥᠭᠬᠦ ᠬᠤᠭᠤᠴᠠᠭ᠎ᠠ ᠨᠢ 3 ᠵᠢᠯ ᠪᠣᠯᠤᠨ᠎ᠠ᠃      ︵ᠬᠤᠷᠢᠨ ᠭᠤᠷᠪᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ O 2 O ᠪᠡᠶᠡᠴᠢᠯᠡᠨ ᠣᠶᠢᠯᠠᠭᠠᠬᠤ ᠳᠡᠯᠭᠡᠭᠦᠷ ᠢ ᠳᠠᠮᠵᠢᠨ᠎ᠠ᠃  ᠬᠦᠬᠡᠬᠤᠲᠠ ᠶᠢᠨ ᠬᠡᠪᠴᠢᠶᠡᠨ ᠳᠣᠲᠣᠷ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ O 2 O ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠵᠤ᠂ ᠡᠵᠡᠩᠨᠡᠯᠲᠡ ᠶᠢᠨ ᠲᠠᠯᠠᠪᠠᠢ ᠨᠢ ᠨᠡᠶᠢᠲᠡ 500 ᠲᠡᠭᠰᠢ ᠳᠥᠷᠪᠡᠯᠵᠢᠨ ᠮᠧᠲᠷ ᠢ ᠳᠠᠪᠠᠵᠤ᠂ ᠪᠦᠬᠦᠯᠢ ᠨᠢᠭᠡ ᠵᠢᠯ ᠡᠵᠡᠩᠨᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢᠶᠠᠷ ᠳᠠᠮᠵᠢᠨ ᠵᠢᠯ ᠤᠨ ᠠᠷᠠᠯᠵᠢᠶ᠎ᠠ ᠶᠢᠨ ᠬᠡᠮᠵᠢᠶ᠎ᠡ ᠨᠢ 100 ᠲᠦᠮᠡᠨ ᠳ᠋ᠣᠯᠯᠠᠷ ᠢ ᠳᠠᠪᠠᠭᠰᠠᠨ ᠪᠠᠶᠢᠪᠠᠯ᠂ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠠᠷᠠᠳ ᠤᠨ ᠵᠣᠭᠤᠰ ᠤᠨ ᠪᠠᠷᠢᠮᠵᠢᠶ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠪᠡᠯᠡ ᠮᠥᠩᠭᠦ ᠶᠢᠨ ᠲᠡᠳᠬᠦᠮᠵᠢ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠪᠡᠯᠡ ᠮᠥᠩᠭᠦ ᠶᠢᠨ ᠲᠡᠳᠬᠦᠮᠵᠢ ᠶᠢ 50 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠠᠪᠠᠭᠤᠯᠬᠤ ᠦᠭᠡᠢ᠃      ︵ᠬᠤᠷᠢᠨ ᠳᠥᠷᠪᠡ︶ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠨᠡᠪᠴᠢᠭᠦᠯᠬᠦ ᠰᠠᠭᠤᠷᠢᠨ ᠭᠠᠵᠠᠷ ᠪᠤᠶᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠣᠷᠣᠵᠤ ᠰᠠᠭᠤᠷᠢᠰᠢᠭᠰᠠᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠪᠣᠯᠪᠠᠰᠤᠷᠠᠭᠤᠯᠤᠯ ᠤᠨ ᠵᠠᠷᠤᠳᠠᠯ᠂ ᠣᠷᠣᠵᠤ ᠰᠠᠭᠤᠷᠢᠰᠢᠬᠤ ᠵᠠᠷᠤᠳᠠᠯ᠂ ᠡᠵᠡᠩᠨᠡᠨ ᠪᠣᠷᠣᠯᠠᠭᠤᠯᠬᠤ ᠵᠠᠷᠤᠳᠠᠯ ᠵᠡᠷᠭᠡ ᠨᠥᠬᠦᠪᠥᠷᠢ ᠣᠯᠭᠤᠵᠤ᠂ ᠨᠥᠬᠦᠪᠥᠷᠢ ᠥᠭᠬᠦ ᠵᠣᠭᠤᠰᠣᠨ ᠤ ᠲᠤᠭ᠎ᠠ ᠶᠢ ᠪᠥᠬᠦ ᠮᠥᠩᠭᠦ ᠶᠢᠨ 70 % ᠠᠴᠠ ᠬᠡᠲᠦᠷᠡᠭᠦᠯᠬᠦ ᠥᠬᠡᠶ᠂ ᠬᠠᠮᠤᠭ ᠥᠨᠳᠦᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠤᠨ ᠨᠥᠬᠦᠪᠥᠷᠢ ᠥᠭᠭᠦᠨ᠎ᠡ᠂ ᠨᠥᠬᠦᠪᠦᠷᠢ ᠥᠭᠬᠦ ᠬᠤᠭᠤᠴᠠᠭ᠎ᠠ ᠨᠢ 2 ᠵᠢᠯ ᠪᠣᠯᠤᠨ᠎ᠠ᠃      ︵ᠬᠤᠷᠢᠨ ᠲᠠᠪᠤ︶ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠥᠭᠵᠢᠯᠲᠡ ᠨᠢ ᠡᠷᠡᠭᠦᠯ ᠲᠣᠭᠲᠠᠭᠤᠨ᠂ ᠲᠣᠭᠲᠠᠭᠠᠯ ᠬᠠᠤᠯᠢ ᠶᠣᠰᠤᠭᠠᠷ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠪᠠᠷᠠᠭ᠎ᠠ ᠶᠢᠨ ᠠᠷᠠᠯᠵᠢᠶ᠎ᠠ ᠶᠢᠨ ᠵᠦᠢᠯ ᠳᠣᠤᠷᠠᠬᠢ ᠬᠤᠷᠢᠶᠠᠬᠤ ᠭᠠᠳᠠᠭᠠᠳᠤ ᠭᠤᠪᠢᠭᠤᠯᠭ᠎ᠠ ᠨᠢ ᠬᠢᠨᠠᠨ ᠪᠠᠶᠢᠴᠠᠭᠠᠬᠤ ᠳᠠᠩᠰᠠᠨ ᠡᠷᠦᠬᠡ ᠳᠤ ᠣᠷᠤᠭᠰᠠᠨ ᠤ ᠳᠠᠷᠠᠭ᠎ᠠ᠂ ᠳᠠᠷᠦ᠋ᠢᠬᠠᠨ ᠭᠤᠪᠢᠭᠤᠯᠭ᠎ᠠ ᠶᠢ ᠳ᠋ᠦᠩᠨᠡᠨ ᠪᠣᠳᠣᠬᠤ ᠪᠤᠶᠤ ᠲᠣᠰ ᠠᠵᠤ ᠠᠬᠤᠶᠢᠯᠠᠯ ᠤᠨ ᠪᠠᠶᠢᠩᠭᠤ ᠶᠢᠨ ᠲᠥᠷᠥᠯ ᠵᠦᠢᠯ ᠤᠨ ᠭᠠᠳᠠᠭᠠᠳᠤ ᠭᠤᠪᠢᠭᠤᠯᠭ᠎ᠠ ᠶᠢᠨ ᠳᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠵᠦ᠂ ᠳᠠᠷᠠᠭ᠎ᠠ ᠨᠢ ᠭᠠᠳᠠᠭᠠᠳᠤ ᠭᠠᠷᠭᠠᠯᠲᠠ ᠶᠢᠨ ᠭᠠᠳᠠᠭᠠᠳᠤ ᠭᠤᠪᠢᠭᠤᠯᠭ᠎ᠠ ᠶᠢᠨ ᠬᠤᠷᠢᠶᠠᠨ ᠳ᠋ᠦᠩᠨᠡᠨ ᠪᠣᠳᠣᠬᠤ ᠲᠣᠤᠷ ᠰᠦᠯᠵᠢᠶ᠎ᠡ ᠪᠠᠷ ᠬᠢᠨᠠᠨ ᠪᠠᠶᠢᠴᠠᠭᠠᠵᠤ ᠪᠣᠯᠤᠨ᠎ᠠ᠃ ᠤᠷᠢᠳᠴᠢᠯᠠᠨ ᠬᠤᠷᠢᠶᠠᠬᠤ ᠪᠠᠷᠠᠭ᠎ᠠ ᠶᠢᠨ ᠵᠣᠭᠤᠰ ᠤᠨ ᠭᠤᠪᠢᠭᠤᠯᠭ᠎ᠠ ᠶᠢᠨ ᠳ᠋ᠦᠩᠨᠡᠨ ᠪᠤᠳᠤᠬᠤ ᠲᠤᠭ᠎ᠠ ᠬᠡᠮᠵᠢᠶ᠎ᠡ ᠶᠢᠨ ᠬᠢᠵᠠᠭᠠᠷᠯᠠᠯ ᠪᠠ ᠤᠷᠢᠳᠴᠢᠯᠠᠨ ᠲᠥᠯᠦᠬᠦ ᠪᠠᠷᠠᠭ᠎ᠠ ᠶᠢᠨ ᠵᠣᠭᠤᠰ ᠵᠡᠷᠭᠡ ᠶᠢᠨ ᠬᠦᠴᠦᠨ ᠦᠭᠡᠢ ᠪᠣᠯᠭᠠᠬᠤ ᠬᠢᠨᠠᠨ ᠬᠠᠷᠭᠤᠭᠤᠯᠬᠤ ᠴᠠᠭ ᠤᠨ ᠬᠢᠵᠠᠭᠠᠷᠯᠠᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠢᠲᠡᠭᠡᠮᠵᠢ ᠰᠠᠶᠢᠲᠠᠶ ᠠᠵᠤ ᠠᠬᠤᠶᠢᠯᠠᠯ ᠤᠨ ᠤᠷᠢᠳᠴᠢᠯᠠᠨ ᠬᠤᠷᠢᠶᠠᠬᠤ ᠪᠠᠷᠠᠭ᠎ᠠ ᠶᠢᠨ ᠵᠣᠭᠤᠰ ᠤᠨ ᠭᠤᠪᠢᠭᠤᠯᠭ᠎ᠠ ᠶᠢᠨ ᠳ᠋ᠦᠩᠨᠡᠨ ᠪᠤᠳᠤᠬᠤ ᠬᠠᠷᠢᠴᠠᠯ ᠢ ᠳᠡᠭᠡᠭᠰᠢᠯᠡᠭᠦᠯᠵᠦ᠂ ᠪᠠᠷᠠᠭ᠎ᠠ ᠶᠢᠨ ᠵᠣᠭᠤᠰ ᠢ ᠤᠷᠢᠳᠴᠢᠯᠠᠨ ᠲᠥᠯᠦᠬᠦ ᠠᠵᠤ ᠠᠬᠤᠶᠢᠯᠠᠯ ᠨᠢ ᠪᠣᠭᠤᠮᠲᠠ ᠳᠤ ᠮᠡᠳᠡᠭᠦᠯᠬᠦ ᠬᠠᠭᠤᠳᠠᠰᠤ ᠵᠡᠷᠭᠡ ᠪᠠᠷ ᠢᠶᠠᠨ ᠬᠦᠴᠦᠨ ᠥᠬᠡᠶ ᠪᠣᠯᠭᠠᠬᠤ ᠭᠠᠷᠳᠠᠮ ᠭᠦᠢᠴᠡᠳᠬᠡᠵᠤ ᠪᠣᠯᠤᠨ᠎ᠠ᠃      ︵ᠬᠤᠷᠢᠨ ᠵᠢᠷᠭᠤᠭ᠎ᠠ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷ᠎ᠠ ᠪᠠᠶᠢᠭᠤᠯᠤᠭᠰᠠᠨ ᠪᠥᠭᠡᠳ ᠪᠦᠷᠢᠳᠬᠡᠨ ᠳᠠᠩᠰᠠᠯᠠᠭᠤᠯᠤᠭᠰᠠᠨ ᠬᠢᠯᠢ ᠠᠯᠤᠰᠯᠠᠭᠰᠠᠨ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠠᠩᠬ᠎ᠠ ᠤᠳᠠᠭ᠎ᠠ ᠬᠢᠯᠢ ᠪᠠᠷ ᠣᠷᠤᠭᠤᠯᠤᠨ᠎ᠠ ᠪᠣᠷᠣᠯᠠᠭᠤᠯᠤᠨ ᠬᠤᠳᠠᠯᠳᠤᠭᠰᠠᠨ ᠲᠠᠸᠠᠷ᠂ ᠢᠯᠠᠩᠭᠤᠶ᠎ᠠ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠮᠢᠬ᠎ᠠ ᠵᠢᠴᠢ ᠮᠢᠬᠠᠨ ᠤ ᠪᠦᠲᠦᠭᠡᠭᠳᠡᠬᠦᠨ ᠳᠤ ᠬᠢᠯᠢ ᠪᠠᠷ ᠣᠷᠣᠬᠤ ᠠᠮᠢᠲᠠᠨ ᠤ ᠬᠢᠵᠢᠭ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠲᠠᠯ᠎ᠠ ᠪᠠᠷ ︽ᠰᠠᠭᠠᠳ ᠦᠭᠡᠢ ᠨᠡᠪᠲᠡᠷᠡᠬᠦ ᠵᠠᠮ︾  ᠭᠠᠷᠭᠠᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠶᠠᠷ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ      ︵ᠬᠤᠷᠢᠨ ᠳᠣᠯᠤᠭ᠎ᠠ︶ ᠳᠣᠤᠷᠠᠬᠢ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠤᠷᠢᠲᠠᠨ ᠲᠠᠲᠠᠨ ᠣᠷᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠤᠨ᠎ᠠ᠄      1.ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮ ᠰᠢᠨᠵᠢᠯᠡᠭᠡ᠂ ᠮᠡᠷᠭᠡᠵᠢᠯ ᠤᠨ ᠬᠦᠷᠢᠶᠡᠨ ᠤ ᠳᠠᠭᠠᠭᠤᠯᠤᠭᠴᠢ ᠬᠥᠮᠦᠨ︔      2.ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ᠂ ᠳᠡᠭᠡᠳᠦ ᠲᠡᠰ ᠤᠨ ᠡᠵᠡᠩᠨᠡᠯᠲᠡ ᠶᠢᠨ ᠴᠢᠳᠠᠪᠤᠷᠢᠲᠠᠨ᠂ ᠭᠤᠣᠯᠯᠠᠬᠤ ᠮᠡᠷᠭᠡᠵᠢᠯ ᠤᠨ ᠴᠢᠳᠠᠪᠤᠷᠢᠲᠠᠨ︔      3.ᠤᠯᠤᠰ ᠤᠨ ᠳᠣᠲᠣᠭᠠᠳᠤ ᠭᠠᠳᠠᠭᠠᠳᠤ ᠳᠤ ᠠᠺᠠᠳᠧᠮᠢᠴᠢ᠂ ᠳ᠋ᠣᠺᠲ᠋ᠣᠷ ᠤᠨ ᠴᠣᠯᠠ ᠬᠠᠮᠠᠭᠠᠯᠠᠭᠰᠠᠨ ᠬᠥᠮᠦᠨ ᠪᠤᠶᠤ ᠲᠡᠭᠦᠨ ᠲᠠᠢ ᠲᠡᠩᠴᠡᠬᠦ ᠳᠡᠰ ᠤᠨ ᠴᠢᠳᠠᠪᠤᠷᠢᠲᠠᠨ︔      4.ᠳᠡᠭᠡᠳᠦ ᠵᠡᠷᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠃ ᠣᠷᠣᠨ ᠤ ᠳᠣᠲᠣᠷᠠᠬᠢ ᠠᠵᠤ ᠠᠬᠤᠶᠢᠯᠠᠯ ᠳᠤ ᠪᠠᠴᠢᠮ ᠱᠠᠭᠠᠷᠳᠠᠭᠳᠠᠬᠤ ᠲᠤᠰᠬᠠᠶ ᠮᠡᠷᠭᠡᠵᠢ᠊ ᠳᠡᠭᠡᠨ ᠴᠠᠭᠠᠷᠠᠭᠰᠠᠨ᠂ ᠠᠮᠵᠢᠯᠲᠠ ᠪᠦᠲᠦᠮᠵᠢ ᠨᠢ ᠳᠣᠪᠤᠶᠢᠮ᠎ᠠ ᠳᠡᠭᠡᠳᠦ ᠵᠡᠷᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ︔      5.ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ᠃ ᠠᠵᠤ ᠠᠬᠤᠶᠢᠯᠠᠯ ᠤᠨ ᠦᠢᠯᠡᠳᠪᠦᠷᠢᠯᠡᠯ ᠪᠤᠶᠤ ᠨᠡᠭᠡᠭᠡᠨ ᠰᠣᠳᠤᠯᠬᠤ ᠠᠵᠢᠯ ᠤᠨ ᠪᠠᠶᠢᠷᠢ ᠳᠤ ᠴᠢᠬᠤᠯᠠ ᠠᠵᠢᠯ ᠡᠭᠦᠷᠭᠡᠯᠡᠵᠦ᠂ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ  ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ᠂ ᠠᠵᠤ ᠠᠬᠤᠶᠢᠯᠠᠯ ᠤᠨ ᠦᠢᠯᠡᠳᠪᠦᠷᠢᠯᠡᠯ ᠪᠠ ᠨᠡᠭᠡᠭᠡᠨ ᠰᠣᠳᠤᠯᠬᠤ ᠳᠤ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ︔      6.ᠬᠦᠷᠢᠶᠡᠯᠡᠩ ᠲᠣᠭᠤᠷᠢᠭ ᠤᠨ ᠣᠨᠴᠠ ᠱᠠᠭᠠᠷᠳᠠᠬᠤ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠣᠳᠠᠲᠤ ᠪᠠᠢᠳᠠᠯ ᠢ ᠦᠨᠳᠦᠰᠦᠯᠡᠨ᠂ ᠬᠢᠨᠠᠨ ᠲᠣᠭᠲᠠᠭᠠᠬᠤ ᠰᠠᠯᠠᠭ᠎ᠠ ᠮᠥᠴᠢᠷ  ᠢᠶᠠᠷ ᠬᠢᠨᠠᠨ ᠲᠣᠭᠲᠠᠭᠠᠯᠭᠠᠵᠤ ᠨᠤᠲᠠᠯᠠᠭᠤᠯᠤᠭᠠᠳ᠂ ᠲᠥᠷᠥ ᠶᠢᠨ ᠪᠣᠳᠣᠯᠭ᠎ᠠ  ᠳᠠᠬᠢ ᠬᠠᠷᠠᠭᠠᠯᠵᠠᠭᠰᠠᠨ ᠣᠯᠭᠤᠮᠵᠢ ᠶᠢ ᠣᠯᠭᠤᠵᠤ ᠪᠣᠯᠤᠨ᠎ᠠ᠃      ᠳᠡᠭᠡᠷ᠎ᠡ ᠳᠤᠷᠠᠳᠤᠭᠰᠠᠨ ᠴᠢᠳᠠᠪᠤᠷᠢᠲᠠᠨ ᠤ ᠲᠤᠰᠬᠠᠶ ᠮᠡᠷᠭᠡᠵᠢᠯ ᠤᠨ ᠠᠬᠤᠶ ᠪᠠᠶᠢᠳᠠᠯ ᠪᠣᠯᠤᠨ ᠥᠩᠭᠡᠷᠡᠯᠲᠡ ᠨᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ ᠪᠥᠭᠡᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠢᠵᠦ ᠪᠠᠶᠢᠭ᠎ᠠ ᠠᠵᠢᠯ ᠲᠠᠢ ᠨᠢᠭᠡᠳᠦᠯᠲᠠᠢ᠂ ᠲᠡᠷᠡᠴᠢᠯᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠮᠦᠨ ᠬᠡᠷᠡᠭᠯᠡᠬᠦ ᠨᠢᠭᠡᠴᠡ ᠯᠦᠭᠡ 2 ᠵᠢᠯ ᠵᠢᠴᠢ ᠲᠡᠭᠦᠨ ᠠᠴᠠ ᠳᠡᠭᠡᠭᠰᠢ ᠬᠤᠭᠤᠴᠠᠭᠠᠨ ᠤ ᠬᠥᠳᠡᠯᠮᠦᠷᠢ ︵ᠤᠷᠢᠨ ᠬᠡᠷᠡᠭᠯᠡᠬᠦ︶ ᠶᠢᠨ ᠭᠡᠷ᠎ᠡ ᠲᠣᠭᠲᠠᠭᠰᠠᠨ ᠪᠠᠶᠢᠬᠤ ᠬᠡᠷᠡᠭᠲᠡᠶ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠡᠭᠡᠳᠦ ᠵᠡᠷᠭᠡ ᠶᠢᠨ ᠴᠢᠳᠠᠪᠤᠷᠢᠲᠠᠨ ᠢ ᠦᠨᠡᠯᠡᠨ ᠰᠢᠯᠭᠠᠬᠤ  ᠤᠳᠤᠷᠢᠳᠬᠤ ᠳᠤᠭᠤᠶᠢᠯᠠᠩ ᠪᠠᠶᠢᠭᠤᠯᠵᠤ᠂ ᠭᠡᠰᠢᠭᠦᠨ ᠨᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠭᠡᠰᠢᠭᠦᠨ ᠲᠠᠢ ᠬᠠᠮᠲᠤᠷᠠᠨ ᠡᠯ᠎ᠡ ᠲᠥᠷᠥᠯ ᠤᠨ ᠴᠢᠳᠠᠪᠤᠷᠢᠲᠠᠨ ᠢ ᠳᠡᠮᠵᠢᠨ ᠲᠤᠰᠠᠯᠠᠬᠤ ᠲᠥᠷᠥᠯ ᠵᠦᠢᠯ ᠢ ᠦᠨᠡᠯᠡᠨ ᠰᠢᠯᠭᠠᠬᠤ ᠠᠵᠢᠯ ᠢ ᠬᠠᠷᠢᠭᠤᠴᠠᠨ᠎ᠠ᠃      ︵ᠬᠤᠷᠢᠨ ᠨᠠᠢᠮᠠ︶ ᠠᠵᠤ ᠠᠬᠤᠶᠢᠯᠠᠯ ᠤᠨ ᠠᠵᠤ ᠠᠬᠤᠶᠢᠯᠠᠯ ᠰᠤᠷᠭᠠᠭᠤᠯᠢ ᠬᠤᠷᠰᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠨᠴᠠᠯᠢᠭᠲᠤ ᠠᠵᠤ ᠦᠢᠯᠡᠰ ᠤᠨ ᠦᠨᠳᠦᠰᠦᠨ ᠴᠢᠳᠠᠪᠤᠷᠢᠲᠠᠨ ᠢ ᠬᠥᠮᠦᠵᠢᠭᠦᠯᠬᠦ ᠶᠢ ᠵᠣᠷᠢᠭᠵᠢᠭᠤᠯᠵᠤ᠂ ᠬᠡᠯᠡᠯᠴᠡᠭᠡᠷ ᠪᠣᠯᠤᠨ ᠬᠥᠮᠦᠵᠢᠭᠦᠯᠦᠭᠰᠡᠨ ᠦᠷ᠎ᠡ ᠪᠦᠲᠦᠮᠵᠢ ᠶᠢ ᠦᠨᠳᠦᠰᠦᠯᠡᠵᠤ᠂ ᠦᠨᠡᠯᠡᠨ ᠲᠣᠭᠲᠠᠭᠠᠬᠤ ᠪᠠᠷ ᠳᠠᠮᠵᠢᠨ᠂ ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠵᠦ᠂ ᠬᠤᠭᠤᠴᠠᠭ᠎ᠠ ᠶᠢ 3 ᠵᠢᠯ ᠠᠴᠠ ᠳᠠᠪᠠᠭᠤᠯᠬᠤ ᠦᠭᠡᠢ᠃      ︵ᠬᠤᠷᠢ ᠶᠢᠰᠦ︶ ᠴᠢᠳᠠᠪᠤᠷᠢᠲᠠᠨ ᠢ ᠤᠷᠢᠨ ᠣᠷᠤᠭᠤᠯᠬᠤ ᠪᠤᠰᠤᠳ ᠲᠥᠷᠥ ᠶᠢᠨ ᠪᠣᠳᠣᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠤᠨ ᠴᠢᠳᠠᠪᠤᠷᠢᠲᠠᠨ﹀ ᠤ ᠢᠨᠵᠧᠨᠧᠷᠢᠩ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ︵ᠲᠢᠩᠬᠢᠮ ᠲᠠᠷᠬᠠᠭᠠᠭᠰᠠᠨ ﹇2011﹈ 64 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤᠷᠢᠨ ᠣᠷᠤᠭᠤᠯᠬᠤ ᠪᠠ ᠰᠢᠯᠵᠢᠯᠲᠡ ᠬᠢᠬᠦ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠭᠤᠷᠪᠠ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ      ︵ᠭᠤᠴᠢ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠭᠠᠶᠢᠯᠢ ᠪᠠᠲᠤᠯᠠᠬᠤ ᠣᠷᠣᠨ ︵ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ︶ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠳᠣᠤᠷ᠎ᠠ ᠵᠢᠭᠰᠠᠭᠠᠭᠰᠠᠨ ᠪᠠᠷᠠᠭ᠎ᠠ ᠶᠢ ᠬᠢᠯᠢ ᠶᠢᠨ ᠭᠠᠳᠠᠨ᠎ᠠ ᠠᠴᠠ ᠭᠠᠶᠢᠯᠢ ᠪᠠᠲᠤᠯᠠᠬᠤ ᠣᠷᠣᠨ ᠳᠤ ᠣᠷᠣᠭᠤᠯᠬᠤ ᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ ᠵᠠᠩᠭᠢᠯᠠᠭ᠎ᠠ ᠶᠢᠨ ᠪᠣᠭᠤᠮᠲᠠ ᠶᠢᠨ ᠣᠷᠣᠯᠠᠨ ᠲᠠᠲᠠᠪᠤᠷᠢᠯᠠᠬᠤ ᠭᠠᠶᠢᠯᠢ ᠠᠴᠠ ᠬᠡᠯᠲᠦᠷᠢᠭᠦᠯᠦᠨ᠎ᠡ᠄      1.ᠣᠷᠣᠨ ᠤ ᠳᠣᠲᠣᠷᠠᠬᠢ ᠦᠢᠯᠡᠳᠪᠦᠷᠢᠯᠡᠯ ᠤᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠮᠠᠰᠢᠨ᠂ ᠲᠥᠬᠦᠭᠡᠷᠦᠮᠵᠢ ᠪᠠ ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢ ᠪᠠᠶᠢᠭᠤᠯᠬᠤ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠪᠣᠳᠠᠰ︔      2.ᠣᠷᠣᠨ ᠤ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠰᠡᠬᠦ ᠮᠠᠰᠢᠨ᠂ ᠲᠥᠬᠦᠭᠡᠷᠦᠮᠵᠢ᠂ ᠬᠡᠪ ᠵᠢᠴᠢ ᠲᠡᠭᠦᠨ ᠢ ᠰᠡᠯᠪᠢᠨ ᠵᠠᠰᠠᠬᠤ ᠳᠤ ᠬᠡᠷᠡᠭᠯᠡᠬᠦ ᠰᠡᠯᠪᠢᠩ ᠲᠣᠨᠤᠭ︔      3.ᠣᠷᠣᠨ ᠤ ᠳᠣᠲᠣᠷᠠᠬᠢ ᠠᠵᠤ ᠠᠬᠤᠶᠢᠯᠠᠯ ᠪᠣᠯᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠣᠬᠢᠬᠤ ᠲᠤᠭ᠎ᠠ ᠬᠡᠮᠵᠢᠶᠡᠨ ᠤ ᠠᠯᠪᠠᠨ ᠠᠵᠢᠯ ᠤᠨ ᠬᠡᠷᠡᠭᠰᠡᠯ᠂ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠳᠠᠭᠠᠳᠤ ᠠᠴᠠ ᠣᠷᠤᠭᠤᠯᠤᠭᠰᠠᠨ ᠥᠪᠡᠷᠲᠡᠭᠡᠨ ᠬᠡᠷᠡᠭᠯᠡᠬᠦ ᠮᠠᠰᠢᠨ᠂ ᠲᠥᠬᠦᠭᠡᠷᠦᠮᠵᠢ᠃ ᠳᠥᠷᠪᠡ᠂ ᠪᠤᠰᠤᠳ ᠵᠦᠢᠯ      ︵ᠭᠤᠴᠢᠨ ᠨᠢᠭᠡ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠠᠮᠵᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠶᠣᠰᠣᠭᠠᠷ ᠱᠠᠩᠨᠠᠯ ᠪᠠ ᠨᠥᠬᠦᠪᠥᠷᠢ ᠣᠯᠭᠤᠨ᠎ᠠ᠃      ︵ᠭᠤᠴᠢᠨ ᠬᠤᠶᠠᠷ︶ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ ᠠᠬᠤᠶᠢᠯᠠᠯ ᠪᠦᠬᠦᠨ ︽ᠴᠠᠭᠠᠵᠠᠯᠠᠬᠤ ᠦᠭᠡᠢ ᠪᠣᠯ ᠵᠥᠪᠰᠢᠶᠡᠷᠡᠬᠦ᠂ ᠬᠢᠵᠠᠭᠠᠷᠯᠠᠬᠤ ᠦᠭᠡᠢ ᠪᠣᠯ ᠵᠥᠪᠰᠢᠶᠡᠷᠡᠬᠦ︾ ᠵᠠᠷᠴᠢᠮ ᠤᠨ ᠶᠣᠰᠣᠭᠠᠷ᠂ ᠡᠵᠡᠩᠨᠡᠯᠲᠡ ᠶᠢᠨ ᠬᠡᠪᠴᠢᠶ᠎ᠡ ᠪᠠᠨ ᠨᠡᠮᠡᠬᠦ ᠪᠤᠶᠤ  ᠥᠷᠭᠡᠳᠬᠡᠵᠤ ᠪᠣᠯᠤᠨ᠎ᠠ᠃      ︵ᠭᠤᠴᠢᠨ ᠭᠤᠷᠪᠠ︶ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠵᠦᠢᠯᠡᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃      ︵ᠭᠤᠴᠢᠨ ᠳᠥᠷᠪᠡ︶ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠳ᠋ᠤᠭᠠᠷ᠄ Z G - 2019 - 13 ᠳ᠋ᠤᠭᠠᠷ ᠲᠣᠭᠠᠲᠤ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号