︽ᠬᠦᠬᠡᠬᠤᠳᠠ ᠶᠢᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠲᠠᠷᠤᠮᠠᠯᠯᠠᠨ ᠶᠠᠪᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-02-26
            ᠬᠦᠬᠡᠬᠤᠲᠠ ᠵᠠᠰᠠᠭ ᠠᠯᠪᠠᠨ ᠲᠠᠷᠬᠠᠭᠠᠭᠰᠠᠨ︹2019︺30 ᠳ᠋ᠤᠭᠠᠷ ᠲᠤᠭᠠᠳᠤ            2019 ᠣᠨ ᠤ 9 ᠳ᠋ᠤᠭᠡᠷ ᠰᠠᠷ᠎ᠠ ᠶᠢᠨ 2 9 ᠤ ᠡᠳᠦᠷ          ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ︹ 2019 ︺ 5 ᠳ᠋ᠤᠭᠠᠷ ᠲᠣᠭᠠᠲᠤ  ︶᠂ ︽ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ  ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ︹2014︺57 ᠳ᠋ᠤᠭᠠᠷ ᠲᠣᠭᠠᠲᠤ︶ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠶ᠂ ᠥᠨᠳᠥᠷ ᠬᠢᠷᠢ ᠲᠦᠪᠰᠢᠨ ᠲᠠᠢ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠪᠥᠬᠦ ᠤᠯᠤᠰ ᠤᠨ ᠳᠥᠷᠪᠡᠳᠦᠭᠡᠷ ᠪᠦᠯᠦᠭ ᠲᠥᠪ ᠤᠨ ᠡᠳ᠋ ᠤᠨ ᠵᠠᠰᠠᠭ ᠠᠴᠠ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ  ᠶᠢ ᠥᠷᠨᠢᠭᠦᠯᠬᠦ ᠶᠢ ᠳᠡᠮᠵᠢᠬᠦ ᠲᠤᠷᠰᠢᠯᠲᠠ ᠶᠢᠨ ᠴᠡᠭ ᠤᠨ ᠡᠭᠦᠷᠭᠡ ᠶᠢᠨ ᠱᠠᠭᠠᠷᠳᠠᠯᠭ᠎ᠠ ᠪᠠ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡᠳᠦᠭᠡᠷ ᠵᠦᠢᠯ   ᠨᠡᠶᠢᠭᠡᠮ ᠤᠨ ᠬᠦᠴᠦᠨ ᠠᠴᠠ ᠡᠷᠬᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠶ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠠᠯᠪᠠᠨ ᠠᠴᠠ ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠯᠤᠭ᠎ᠠ ᠠᠳᠠᠯᠢ ᠭᠠᠵᠠᠷ ᠰᠢᠷᠣᠶ ᠬᠡᠷᠡᠭᠯᠡᠬᠦ ᠲᠥᠷᠥ ᠶᠢᠨ ᠪᠣᠳᠣᠯᠭ᠎ᠠ ᠶᠢ ᠡᠳ᠋ᠯᠡᠵᠦ ᠪᠣᠯᠤᠨ᠎ᠠ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠥᠬᠡᠶ ᠪᠣᠯ᠂ ᠭᠠᠵᠠᠷ ᠰᠢᠷᠣᠶ ᠶᠢᠨ ᠬᠡᠷᠡᠭᠴᠡᠭᠡ ᠶᠢ  ᠬᠤᠪᠢᠷᠠᠭᠤᠯᠬᠤ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠴᠦ ᠪᠣᠯᠬᠤ ᠥᠬᠡᠶ᠃ ᠨᠡᠶᠢᠭᠡᠮ ᠤᠨ ᠬᠦᠴᠦᠨ ᠠᠴᠠ ᠡᠷᠬᠢᠯᠡᠭᠰᠡᠨ ᠠᠰᠢᠭ ᠣᠯᠵᠠᠪᠤᠷᠢ ᠶᠢᠨ ᠴᠢᠨᠠᠷᠲᠠᠶ  ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠵᠠᠷ ᠰᠢᠷᠣᠶ ᠶᠢ  ᠬᠤᠳᠠᠯᠳᠤᠬᠤ ᠰᠠᠭᠤᠷᠢ ᠦᠨ᠎ᠡ ᠶᠢ ᠠᠳᠠᠯᠢ ᠬᠤᠭᠤᠴᠠᠭᠠᠨ ᠤ ᠣᠷᠣᠨ ᠰᠠᠭᠤᠴᠠ ᠶᠢᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ 30 % ᠪᠠᠷ ᠯᠠᠪᠯᠠᠯᠲᠠ ᠪᠣᠯᠭᠠᠵᠤ ᠲᠣᠭᠲᠠᠭᠠᠨ᠎ᠠ ︵ᠥᠪᠡᠷ ᠤᠨ ᠥᠷᠲᠡᠭ ᠤᠨ ᠦᠨ᠎ᠡ ᠠᠴᠠ ᠳᠣᠤᠷ᠎ᠠ ᠪᠠᠶᠢᠯᠭᠠᠵᠤ ᠪᠣᠯᠬᠤ ᠥᠬᠡᠶ︶︔ ᠦᠯᠡᠳᠡᠭᠡᠯ ᠬᠤᠳᠠᠯᠳᠤᠭᠠᠨ ᠤ ᠦᠢᠯᠡᠴᠢᠯᠡᠭᠡᠨ ᠤ ᠬᠡᠷᠡᠭᠯᠡᠬᠦ ᠭᠠᠵᠠᠷ ᠵᠡᠷᠭᠡ ᠪᠤᠰᠤᠳ ᠬᠡᠷᠡᠭᠯᠡᠬᠦ ᠭᠠᠵᠠᠷ ᠢ ᠲᠥᠯᠥᠪᠵᠢᠭᠦᠯᠭᠡ ᠪᠠᠷ ᠵᠥᠪᠰᠢᠶᠡᠷᠡᠭᠦᠯᠦᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠤᠨ᠎ᠠ᠃      ᠬᠤᠶᠠᠳᠤᠭᠠᠷ  ᠵᠦᠢᠯ  ᠭᠡᠷ ᠪᠦᠯᠢ ᠪᠣᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠨᠢᠭᠦᠯᠬᠦ ᠭᠠᠵᠠᠷ ᠲᠠᠯᠠᠪᠤᠷ ᠪᠣᠯᠤᠨ ᠪᠡᠯᠡᠳᠬᠡᠮᠵᠢ ᠶᠢ ᠬᠠᠷᠢᠶ᠎ᠠ  ᠭᠠᠵᠠᠷ ᠤᠨ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠥᠮᠴᠢᠯᠡᠬᠦ ᠡᠷᠬᠡ ᠶᠢ ᠮᠥᠨ ᠬᠦ ᠬᠠᠷᠢᠶ᠎ᠠ  ᠭᠠᠵᠠᠷ ᠤᠨ ᠵᠠᠰᠠᠭ ᠤᠨ ᠣᠷᠳᠣᠨ ᠳᠤ ᠬᠠᠷᠢᠶᠠᠯᠠᠭᠤᠯᠤᠨ᠎ᠠ᠃      ᠭᠤᠷᠪᠠᠳᠤᠭᠠᠷ ᠵᠦᠢᠯ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡ ᠬᠠᠩᠭᠠᠬᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ  ᠳᠤ ᠬᠠᠤᠯᠢ ᠶᠣᠰᠣᠭᠠᠷ ᠣᠯᠭᠤᠭᠰᠠᠨ ᠭᠠᠶᠢᠯᠢ  ᠰᠦᠢᠳᠭᠡᠯ  ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠨᠠᠰᠤᠵᠢᠯ ᠤᠨ ᠠᠰᠠᠷᠠᠮᠵᠢ ᠂ ᠨᠠᠶᠢᠳᠠᠨ ᠬᠥᠮᠦᠵᠢᠭᠦᠯᠬᠦ᠂ ᠭᠡᠷ ᠤᠨ ᠶᠠᠪᠤᠳᠠᠯ ᠵᠡᠷᠭᠡ ᠨᠡᠶᠢᠭᠡᠮ ᠲᠣᠭᠤᠷᠢᠭ  ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠷᠠᠳ ᠤᠨ ᠶᠠᠪᠤᠳᠠᠯ ᠤᠨ ᠶᠠᠮᠤᠨ ᠬᠤᠳᠠᠯᠳᠤᠭᠠᠨ ᠤ ᠶᠠᠪᠤᠳᠠᠯ ᠤᠨ ᠶᠠᠮᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠵᠠᠷ︾ ︵2019 ᠣᠨ ᠤ 76 ᠳ᠋ᠤᠭᠠᠷ ᠲᠣᠭᠠᠲᠤ︶ ᠵᠢᠴᠢ ᠪᠤᠰᠤᠳ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠡᠵᠡᠩᠨᠡᠯᠲᠡ ᠶᠢᠨ ᠲᠠᠯᠠᠪᠤᠷ ᠲᠤ ᠬᠡᠷᠡᠭᠯᠡᠬᠦ ᠴᠠᠬᠢᠯᠭᠠᠨ᠂ ᠤᠰᠤ᠂ ᠢᠯᠴᠢ᠂ ᠰᠢᠲᠠᠮᠠᠬᠠᠶ ᠬᠡᠢ ᠶᠢ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠣᠰᠣᠭᠠᠷ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ   ᠨᠡᠶᠢᠭᠡᠮ ᠤᠨ ᠬᠦᠴᠦᠨ ᠠᠴᠠ ᠡᠷᠬᠢᠯᠡᠭᠰᠡᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠥᠷᠢ ᠶᠢ ︽ᠨᠠᠰᠤᠵᠢᠯ ᠤᠨ  ᠠᠰᠠᠷᠠᠮᠵᠢ ᠶᠢᠨ ᠦᠢᠯᠡᠴᠢᠯᠡᠭᠡᠨ  ᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ  ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ︹ 2014 ︺27 ᠳ᠋ᠤᠭᠠᠷ ᠲᠣᠭᠠᠲᠤ︶ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠲᠤᠰ ᠬᠤᠳᠠ ᠶᠢᠨ ᠡᠷᠦᠬᠡ ᠠᠮᠠ ᠲᠠᠢ  ᠴᠢᠳᠠᠪᠤᠷᠢ  ᠤᠶᠤᠨ ᠨᠢ  ᠳᠤᠮᠳᠠ ᠵᠡᠷᠭᠡ ᠪᠠᠷ  ᠪᠤᠶᠤ ᠬᠦᠨᠳᠦ ᠠᠯᠳᠠᠭᠳᠠᠭᠰᠠᠨ ᠨᠠᠰᠤᠲᠠᠨ ᠢ ᠬᠦᠯᠢᠶᠡᠨ ᠠᠪᠴᠤ ᠰᠠᠭᠤᠯᠭᠠᠪᠠᠯ᠂ ᠳᠠᠬᠢᠨ ᠲᠣᠰ ᠲᠣᠰ 200 ᠲᠥᠭᠦᠷᠢᠭ / ᠬᠥᠮᠥᠨ / ᠰᠠᠷ᠎ᠠ᠂ 300 ᠲᠥᠭᠦᠷᠢᠭ / ᠬᠥᠮᠥᠨ / ᠰᠠᠷ᠎ᠠ ᠶᠢᠨ ᠰᠤᠪᠢᠯᠠᠯᠲᠠ ᠶᠢᠨ ᠨᠥᠬᠦᠪᠥᠷᠢ ᠣᠯᠭᠤᠨ᠎ᠠ︔  ᠲᠤᠰ ᠬᠤᠳᠠ  ᠶᠢᠨ ᠡᠷᠦᠬᠡ ᠠᠮᠠ ᠲᠠᠢ ᠴᠢᠳᠠᠪᠤᠷᠢ ᠤᠶᠤᠨ ᠨᠢ ᠳᠤᠮᠳᠠ ᠵᠡᠷᠭᠡ ᠪᠠᠷ ᠪᠤᠶᠤ ᠬᠦᠨᠳᠦ ᠠᠯᠳᠠᠭᠳᠠᠭᠰᠠᠨ ᠨᠠᠰᠤᠲᠠᠨ ᠤ ᠭᠡᠷ ᠲᠤ ᠨᠢ ᠬᠦᠷᠴᠦ ᠭᠡᠷ ᠪᠦᠯᠢ ᠶᠢᠨ ᠰᠤᠪᠢᠯᠠᠯᠲᠠ ᠶᠢᠨ ᠬᠡᠯᠪᠡᠷᠢ  ᠪᠦᠬᠦᠢ ᠨᠠᠰᠤᠵᠢᠯ ᠤᠨ ᠠᠰᠠᠷᠠᠮᠵᠢ ᠶᠢᠨ ᠣᠷᠣ ᠶᠢᠨ ᠦᠢᠯᠡᠴᠢᠯᠡᠭᠡ ᠥᠷᠨᠢᠭᠦᠯᠦᠭᠰᠡᠨ ᠪᠠᠶᠢᠪᠠᠯ᠂ ᠭᠡᠷ ᠪᠦᠯᠢ ᠶᠢᠨ ᠰᠤᠪᠢᠯᠠᠯᠲᠠ ᠶᠢᠨ ᠬᠡᠯᠪᠡᠷᠢ ᠶᠢᠨ ᠨᠠᠰᠤᠵᠢᠯ ᠤᠨ  ᠠᠰᠠᠷᠠᠮᠵᠢ ᠶᠢᠨ ᠣᠷᠣ ᠶᠢᠨ ᠶᠡᠷᠦᠩᠬᠡᠶᠢᠯᠡᠭᠰᠡᠨ ᠡᠵᠡᠩᠨᠡᠯᠲᠡ ᠶᠢᠨ ᠨᠥᠬᠦᠪᠥᠷᠢ ᠶᠢ ᠡᠳ᠋ᠯᠡᠵᠦ᠂  ᠰᠠᠭᠤᠷᠢ ᠪᠠᠷᠢᠮᠵᠢᠶᠠᠲᠤ ᠡᠵᠡᠩᠨᠡᠯᠲᠡ ᠶᠢᠨ ᠨᠥᠬᠦᠪᠥᠷᠢ ᠶᠢ ᠲᠣᠰ ᠲᠣᠰ 150 ᠲᠥᠭᠦᠷᠢᠭ / ᠬᠥᠮᠦᠨ / ᠰᠠᠷ᠎ᠠ᠂ 200 ᠲᠥᠭᠦᠷᠢᠭ / ᠬᠥᠮᠦᠨ / ᠰᠠᠷ᠎ᠠ ᠶᠢᠨ ᠪᠠᠷᠢᠮᠵᠢᠶ᠎ᠠ ᠪᠠᠷ ᠣᠯᠭᠤᠵᠤ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ᠂ ᠲᠠᠪᠤᠳᠤᠭᠠᠷ ᠲᠡᠰ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ  ᠶᠢᠨ ᠡᠵᠡᠩᠨᠡᠯᠲᠡ ᠶᠢᠨ ᠨᠥᠬᠦᠪᠥᠷᠢ ᠶᠢ ᠲᠣᠰ ᠲᠣᠰ ᠰᠠᠭᠤᠷᠢ ᠪᠠᠷᠢᠮᠵᠢᠶᠠᠲᠤ ᠨᠥᠬᠦᠪᠥᠷᠢ ᠶᠢᠨ 0.9 ᠳᠠᠬᠢᠨ᠂ 1 ᠳᠠᠬᠢᠨ᠂ 1.1 ᠳᠠᠬᠢᠨ᠂ 1.2 ᠳᠠᠬᠢᠨ ᠢᠶᠠᠷ  ᠬᠦᠷᠳᠡᠭᠡᠨ᠎ᠡ᠃      ᠲᠠᠪᠤᠳᠤᠭᠠᠷ ᠵᠦᠢᠯ  ᠲᠤᠰ ᠬᠤᠳᠠ ᠶᠢᠨ ᠡᠷᠦᠭᠡ ᠠᠮᠠ ᠲᠠᠢ ᠪᠦᠬᠦᠯᠢ 60 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂  ᠴᠢᠳᠠᠪᠤᠷᠢ ᠤᠶᠤᠨ ᠨᠢ ᠬᠦᠨᠳᠤ ᠠᠯᠳᠠᠭᠳᠠᠭᠰᠠᠨ᠂ ᠴᠢᠳᠠᠪᠤᠷᠢ ᠤᠶᠤᠨ ᠨᠢ  ᠳᠤᠮᠳᠠ ᠵᠡᠷᠭᠡ ᠪᠠᠷ ᠠᠯᠳᠠᠭᠳᠠᠭᠰᠠᠨ᠂ ᠭᠠᠭᠴᠠ ᠦᠷ᠎ᠡ ᠪᠠᠨ ᠠᠯᠳᠠᠭᠰᠠᠨ᠂ ᠭᠡᠷ ᠲᠡᠭᠡᠨ ᠬᠤᠴᠤᠷᠤᠭᠰᠠᠨ ︵ᠭᠡᠷ ᠢᠶᠠᠨ ᠰᠠᠬᠢᠭᠰᠠᠨ︶᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ  ᠬᠦᠪᠡᠭᠡ ᠵᠠᠬ᠎ᠠ ᠶᠢᠨ᠂  ᠵᠠᠭᠤᠨ ᠨᠠᠰᠤᠯᠠᠭᠰᠠᠨ ᠨᠠᠰᠤᠲᠠᠶᠢᠴᠤᠳ ᠲᠤ  ᠬᠤᠭᠤᠯᠠᠨ ᠤ  ᠨᠥᠬᠦᠪᠥᠷᠢ ᠣᠯᠭᠤᠵᠤ᠂ ᠡᠳᠦᠷ ᠪᠦᠷᠢ ᠬᠤᠶᠠᠷ ᠡᠷᠢᠨ ᠤ ᠬᠤᠭᠤᠯᠠᠨ ᠳᠤ ᠨᠦᠬᠦᠪᠦᠷᠢ ᠤᠯᠭᠤᠵᠤ᠂  ᠡᠷᠲᠡ ᠶᠢᠨ ᠬᠤᠭᠤᠯᠠᠨ ᠤ ᠨᠥᠬᠦᠪᠥᠷᠢ 2 ᠲᠥᠭᠦᠷᠢᠭ᠂ ᠦᠳᠡ  ᠶᠢᠨ ᠬᠤᠭᠤᠯᠠᠨ ᠤ ᠨᠥᠬᠦᠪᠥᠷᠢ 4 ᠲᠥᠭᠦᠷᠢᠭ ᠣᠯᠭᠤᠨ᠎ᠠ᠃       ᠵᠢᠷᠭᠤᠳᠤᠭᠠᠷ ᠵᠦᠢᠯ  ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ  ᠶᠢ ᠲᠠᠮᠵᠢᠭᠰᠠᠨ ᠭᠤᠷᠪᠠᠳᠠᠬᠢ ᠡᠲᠡᠭᠡᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠵᠢᠯ ᠪᠦᠷᠢ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠨᠡᠯᠡᠨ ᠵᠢᠱᠢᠯᠲᠡ ᠬᠢᠨ᠎ᠡ᠃ ᠦᠨᠡᠯᠡᠨ ᠵᠢᠱᠢᠭᠳᠡᠭᠰᠡᠨ ᠦᠢᠯᠡᠴᠢᠯᠡᠭᠡᠨ ᠤ ᠶᠠᠰᠤ ᠴᠢᠨᠠᠷ ᠨᠢ 4 A ᠳᠡᠰ ᠠᠴᠠ ᠲᠡᠭᠡᠭᠰᠢᠬᠢ ᠭᠡᠷ ᠪᠦᠯᠢ ᠪᠣᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠲᠤᠭ᠎ᠠ ᠬᠡᠮᠵᠢᠶ᠎ᠡ ᠶᠢ ᠨᠢ ᠦᠨᠳᠦᠰᠦᠯᠡᠨ 3 — 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠳᠣᠯᠣᠳᠤᠭᠠᠷ ᠵᠦᠢᠯ  ᠭᠡᠷ ᠪᠦᠯᠢ ᠪᠣᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠪᠣᠯᠤᠨ ᠳᠣᠲᠣᠭᠠᠳᠤ ᠳᠠᠭᠠᠨ ᠪᠠᠶᠢᠭᠤᠯᠤᠭᠰᠠᠨ ᠡᠮᠴᠢᠯᠡᠭᠡᠨ ᠤ ᠶᠠᠪᠤᠳᠠᠯ ᠤᠨ ᠲᠠᠰᠤᠭ ᠨᠢ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠯᠡᠯᠴᠡᠭᠡᠷ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃      ᠨᠠᠢᠮᠠᠳᠤᠭᠠᠷ ᠵᠦᠢᠯ  ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ  ᠲᠤᠷᠰᠢᠯᠲᠠ ᠶᠢᠨ ᠴᠢᠭ ᠢ    ᠡᠬᠢᠯᠡᠭᠦᠯᠦᠭᠰᠡᠨ ᠨᠢ᠂ ᠪᠠᠲᠤᠯᠠᠬᠤ ᠡᠲᠡᠭᠡᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠠᠭᠠᠳᠬᠠᠯ ᠳᠤ ᠣᠷᠣᠯᠴᠠᠭᠴᠢ ᠳᠤ ᠴᠡᠭ ᠲᠣᠭᠲᠠᠭᠠᠭᠰᠠᠨ ᠰᠤᠪᠢᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠤᠨᠴᠠᠯᠢᠭᠳᠤ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ ᠪᠣᠯᠤᠨ᠎ᠠ᠃      ᠶᠢᠰᠦᠳᠦᠭᠡᠷ ᠵᠦᠢᠯ  ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ᠂ ᠴᠢᠳᠠᠪᠤᠷᠢ ᠪᠠᠨ ᠠᠯᠳᠠᠭᠰᠠᠨ ᠭᠡᠷ ᠪᠦᠯᠢ ᠶᠢᠨ ᠭᠡᠰᠢᠭᠦᠨ ᠳᠤ ᠰᠦᠢᠳᠬᠡᠯ ᠬᠤᠷᠢᠶᠠᠬᠤ ᠦᠭᠡᠢ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠬᠠᠩᠭᠠᠨ᠎ᠠ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ︽ᠬᠦᠬᠡᠬᠤᠳᠠ ᠶᠢᠨ ᠬᠠᠮᠤᠭ ᠤᠨ ᠭᠤᠶᠤ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ︾ ᠪᠠ ᠨᠡᠶᠢᠭᠡᠮ ᠲᠤᠭᠤᠷᠢᠭ ᠤᠨ ᠠᠵᠢᠯ ᠤᠨ ᠰᠠᠶᠢᠨ  ᠲᠤᠷᠠᠴᠢᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠵᠦ᠂ ᠱᠠᠩᠨᠠᠯ ᠬᠦᠷᠲᠡᠭᠰᠡᠳ ᠢ ᠱᠠᠩᠨᠠᠨ᠎ᠠ᠃      ᠠᠷᠪᠠᠳᠤᠭᠠᠷ ᠵᠦᠢᠯ  ᠲᠣᠰ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠶ ᠳ᠋ᠤᠭᠠᠷᠯᠠᠯ ᠨᠢ᠄ Z G — 2019 — 19  ᠳ᠋ᠤᠭᠡᠷ ᠲᠣᠭᠠᠲᠤ᠃  
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号