ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-02-26
              ᠬᠥᠬᠡᠬᠤᠲᠠ ᠵᠠᠰᠠᠭ ᠠᠯᠪᠠᠨ ᠲᠠᠷᠬᠠᠭᠠᠭᠰᠠᠨ  ﹇2019﹈ 24 ᠳ᠋ᠦ᠋ᠭᠡᠷ ᠲᠣᠭᠠᠲᠤ              2019 ᠣᠨ ᠤ 8 ᠳ᠋ᠤᠭᠠᠷ ᠰᠠᠷ᠎ᠠ ᠶᠢᠨ 6 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃       ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ       ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠭᠡᠷ ᠤᠨ ᠠᠬᠠᠮᠠᠳ ᠤᠨ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠰᠤᠷᠭᠠᠭᠤᠯᠢ ᠶᠢᠨ  ᠦᠢᠯᠡᠴᠢᠯᠡᠭᠡ ᠪᠣᠯᠤᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠣᠯᠠᠨ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠶᠢᠨ ᠲᠥᠯᠥᠭᠡ᠂ ︽ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠭᠵᠢᠯᠲᠡ ᠶᠢ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2018 ︺ 80 ᠳ᠋ᠤᠭᠠᠷ ᠲᠣᠭᠠᠲᠤ︶᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠰᠤᠷᠭᠠᠨ ᠬᠥᠮᠦᠵᠢᠯ ᠤᠨ ᠶᠠᠮᠤᠨ ᠤ ᠨᠢᠭᠡᠳᠦᠭᠡᠷ ᠲᠢᠩᠬᠢᠮ ︹ 2017 ︺ 2 ᠳ᠋ᠤᠭᠠᠷ ᠲᠣᠭᠠᠲᠤ︶᠂ ︽ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠭᠵᠢᠯᠲᠡ ᠶᠢ ᠵᠢᠷᠤᠮᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺ 98 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃       ᠨᠢᠭᠡ᠂  ᠬᠠᠷᠠᠯᠲᠠ ᠡᠭᠦᠷᠭᠡ      ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠢᠴᠢᠶᠡᠯ ᠤᠨ ᠳᠠᠷᠠᠭᠠᠬᠢ  ᠦᠢᠯᠡᠴᠢᠯᠡᠭᠡ ᠬᠠᠩᠭᠠᠵᠤ᠂ ᠬᠡᠰᠡᠭ ᠭᠡᠷ ᠤᠨ ᠠᠬᠠᠮᠠᠳ ᠤᠨ ᠬᠡᠦᠬᠡᠳ ᠢᠶᠠᠨ ᠲᠤᠰᠬᠤ ᠳᠤ ᠬᠦᠴᠢᠷᠲᠡᠶ  ᠪᠠᠶᠢᠬᠤ ᠠᠰᠠᠭᠤᠳᠠᠯ ᠢ ᠨᠠᠮᠳᠠᠭᠤᠯᠤᠨ᠎ᠠ︔ ᠪᠦᠲᠦᠮᠵᠢᠲᠡᠶ ᠴᠠᠭ ᠪᠠ ᠣᠷᠣᠨ ᠵᠠᠶ ᠶᠢ ᠠᠰᠢᠭᠯᠠᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠶᠣᠯ ᠢᠷᠭᠡᠨᠰᠢᠯ᠂ ᠤᠷᠠᠯᠢᠭ ᠪᠠ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ  ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠴᠢᠳᠠᠮᠵᠢ ᠶᠢ ᠤᠷᠲᠤᠳᠬᠠᠨ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃       ᠬᠤᠶᠠᠷ᠂ ᠠᠵᠢᠯ ᠤᠨ ᠵᠠᠷᠴᠢᠮ      ︵ᠨᠢᠭᠡ︶ ᠬᠠᠷᠢᠶᠠᠯᠠᠭᠳᠠᠬᠤ ᠭᠠᠵᠠᠷ ᠢᠶᠠᠷ ᠬᠠᠮᠢᠶᠠᠷᠤᠭᠤᠯᠬᠤ ᠵᠠᠷᠴᠢᠮ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠶᠠᠨ ᠢᠶᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠪᠠᠶᠢᠭᠤᠯᠤᠯ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠲᠣᠰ ᠵᠠᠰᠠᠭ ᠵᠠᠬᠢᠷᠭᠠᠨ ᠤ ᠭᠠᠵᠠᠷ ᠣᠷᠣᠨ ᠤ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠃ ᠬᠢᠴᠢᠶᠡᠯ ᠤᠨ ᠳᠠᠷᠠᠭᠠᠬᠢ  ᠦᠢᠯᠡᠴᠢᠯᠡᠭᠡ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠬᠤ ᠬᠡᠷᠡᠭᠲᠡᠶ᠂ ᠠᠰᠢᠭ ᠬᠤᠨᠵᠢᠪᠣᠷᠢ ᠣᠯᠬᠤ ᠪᠠᠷ ᠵᠣᠷᠢᠯᠭ᠎ᠠ ᠪᠣᠯᠭᠠᠵᠤ ᠪᠣᠯᠬᠤ ᠦᠭᠡᠢ᠃      ︵ᠬᠤᠶᠠᠷ︶ ᠰᠠᠶᠢᠨ ᠳᠤᠷ᠎ᠠ ᠠᠴᠠ ᠪᠠᠨ ᠣᠷᠣᠯᠴᠠᠬᠤ ᠵᠠᠷᠴᠢᠮ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠬᠡᠷᠡᠭᠴᠡᠭᠡ ᠱᠠᠭᠠᠷᠳᠠᠯᠭ᠎ᠠ ᠲᠠᠢ ᠰᠤᠷᠤᠭᠴᠢ ᠨᠢᠭᠡᠪᠦᠷᠢ ᠶᠢᠨ ᠭᠡᠷ ᠪᠦᠯᠢ ᠳᠤ ᠬᠦᠷᠲᠡᠭᠡᠵᠦ᠂ ᠭᠡᠷ ᠤᠨ ᠠᠬᠠᠮᠠᠳ ᠰᠠᠶᠢᠨ ᠳᠤᠷ᠎ᠠ ᠠᠴᠠ ᠪᠠᠨ ᠰᠣᠩᠭᠤᠬᠤ ᠬᠡᠷᠡᠭᠲᠡᠶ᠃      ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠠᠷᠴᠢᠮ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠤᠷᠭᠠᠭᠤᠯᠢ ᠶᠢᠨ ᠣᠨᠴᠠᠯᠢᠭ ᠪᠦᠬᠦᠢ ᠬᠥᠭᠵᠢᠯᠲᠡ ᠯᠦᠭᠡ ᠬᠠᠷᠢᠯᠴᠠᠨ ᠤᠶᠠᠯᠳᠤᠭᠤᠯᠵᠤ᠂ ᠬᠢᠴᠢᠶᠡᠯ ᠤᠨ ᠳᠣᠲᠣᠷ᠎ᠠ ᠭᠠᠳᠠᠨᠠᠬᠢ᠂ ᠰᠤᠷᠭᠠᠭᠤᠯᠢ ᠶᠢᠨ ᠳᠣᠲᠣᠷ᠎ᠠ ᠭᠠᠳᠠᠨᠠᠬᠢ ᠰᠤᠷᠭᠠᠨ ᠬᠥᠮᠦᠵᠢᠯ ᠲᠠᠢ ᠬᠠᠷᠢᠯᠴᠠᠨ ᠤᠶᠠᠯᠳᠤᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠪᠠᠨ ᠰᠤᠷᠭᠠᠭᠤᠯᠢ ᠶᠢᠨ ᠳᠣᠲᠣᠷ᠎ᠠ ᠭᠠᠳᠠᠨᠠᠬᠢ ᠣᠷᠳᠣᠨ ᠲᠠᠯᠠᠪᠠᠢ ᠶᠢᠨ ᠪᠡᠯᠡᠳᠬᠡᠮᠵᠢ᠂ ᠣᠨᠴᠠᠯᠢᠭᠲᠤ ᠬᠢᠴᠢᠶᠡᠯ᠂ ᠪᠠᠭᠰᠢ ᠶᠢᠨ ᠬᠦᠴᠦᠨ ᠵᠡᠷᠭᠡ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠰᠤᠷᠭᠠᠭᠤᠯᠢ ᠶᠢ ᠵᠣᠬᠢᠴᠠᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠥᠷᠨᠢᠭᠦᠯᠬᠦ ᠬᠡᠷᠡᠭᠲᠡᠶ᠃      ︵ᠳᠦᠷᠪᠡ︶  ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠵᠠᠷᠴᠢᠮ᠃ ᠡᠯ᠎ᠡ ᠬᠤᠰᠢᠭᠤ ᠰᠢᠶᠠᠨ ᠲᠣᠭᠤᠷᠢᠭ ᠠᠴᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠵᠤ᠂ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃       ᠭᠤᠷᠪᠠ᠂ ᠪᠣᠳᠠᠲᠠᠶ ᠲᠣᠬᠢᠷᠠᠭᠤᠯᠤᠯᠲᠠ      ︵ᠨᠢᠭᠡ︶ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶ᠎ᠡ ᠪᠤᠯ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠤᠯᠤᠨ᠎ᠠ  ᠃      ︵ᠬᠤᠶᠠᠷ︶  ᠦᠢᠯᠡᠴᠢᠯᠡᠬᠦ ᠴᠠᠭ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ  ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ ᠬᠢᠴᠢᠶᠡᠯ ᠪᠠᠭᠤᠬᠤ ᠠᠴᠠ ᠦᠳᠡ ᠶᠢᠨ ᠬᠤᠶᠢᠨᠠᠬᠢ  ᠬᠢᠴᠢᠶᠡᠯ ᠡᠬᠢᠯᠡᠬᠦ ᠪᠤᠯᠲᠠᠯ᠎ᠠ ᠪᠠ ᠦᠳᠡ ᠬᠤᠶᠢᠨ᠎ᠠ ᠬᠢᠴᠢᠶᠡᠯ ᠪᠠᠭᠤᠬᠤ ᠠᠴᠠ 18 ᠴᠠᠭ ᠪᠤᠯᠲᠠᠯᠠᠬᠢ  ᠬᠤᠭᠤᠴᠠᠭᠠᠨ ᠳᠤ ᠦᠢᠯᠡᠴᠢᠯᠡᠨ᠎ᠡ᠃ ᠪᠣᠳᠠᠲᠠᠶ ᠦᠢᠯᠡᠴᠢᠯᠡᠬᠦ ᠴᠠᠭ ᠢ ᠡᠯ᠎ᠡ ᠲᠤᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂ ᠠᠳᠠᠯᠢ ᠪᠤᠰᠤ ᠤᠯᠠᠷᠢᠯ ᠳᠤ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ᠃      ︵ᠭᠤᠷᠪᠠ︶ ᠦᠢᠯᠡᠴᠢᠯᠡᠬᠦ ᠡᠲᠡᠭᠡᠳ᠃ ᠬᠢᠴᠢᠶᠡᠯ ᠤᠨ  ᠲᠠᠷᠠᠭ᠎ᠠ ᠦᠢᠯᠡᠴᠢᠯᠡᠬᠦ ᠡᠲᠡᠭᠡᠳ ᠪᠣᠯ ᠲᠣᠰ ᠰᠤᠷᠭᠠᠭᠤᠯᠢ ᠳᠤ ᠰᠤᠷᠤᠯᠴᠠᠵᠤ  ᠪᠠᠶᠢᠭ᠎ᠠ ᠬᠡᠪ ᠤᠨ ᠶᠣᠰᠣᠭᠠᠷ ᠰᠤᠷᠭᠠᠭᠤᠯᠢ ᠲᠠᠷᠬᠠᠭᠰᠠᠨ ᠤ ᠳᠠᠷᠠᠭ᠎ᠠ ᠴᠠᠭ ᠲᠤᠬᠠᠶ ᠳᠤᠨᠢ ᠰᠤᠷᠭᠠᠭᠤᠯᠢ ᠠᠴᠠ ᠪᠠᠨ ᠰᠠᠯᠬᠤ ᠳᠤ ᠬᠦᠴᠢᠷᠲᠡᠶ ᠰᠤᠷᠤᠭᠴᠢ ︵ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠪᠠ ᠰᠤᠷᠭᠠᠭᠤᠯᠢ ᠶᠢᠨ ᠲᠡᠷᠭᠡᠨ ᠳᠤ ᠰᠠᠭᠤᠵᠤ ᠪᠠᠶᠢᠭ᠎ᠠ ᠰᠤᠷᠤᠭᠴᠢ ᠠᠴᠠ ᠭᠠᠳᠠᠨ᠎ᠠ︶ ᠪᠣᠯᠤᠨ᠎ᠠ᠂ ᠵᠡᠮᠳᠡᠭ ᠬᠡᠤᠬᠡᠳ᠂ ᠭᠡᠷ ᠲᠡᠭᠡᠨ ᠬᠤᠴᠣᠷᠤᠭᠰᠠᠨ ᠬᠡᠤᠬᠡᠳ᠂  ᠬᠤᠲᠠᠨ ᠳᠤ ᠢᠷᠡᠵᠦ ᠠᠵᠢᠯ ᠡᠷᠢᠭᠰᠡᠳ ᠤᠨ ᠦᠷ᠎ᠡ ᠬᠡᠦᠬᠡᠳ ᠲᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠤᠬᠡᠳ ᠪᠠ ᠳᠤᠮᠳᠠ ᠳᠣᠤᠷ᠎ᠠ ᠠᠩᠬᠢ ᠶᠢᠨ ᠰᠤᠷᠤᠭᠴᠢ ᠵᠡᠷᠭᠡ ᠪᠠᠴᠢᠮ  ᠦᠢᠯᠡᠴᠢᠯᠡᠬᠦ ᠴᠢᠬᠤᠯᠠᠲᠠᠶ ᠰᠤᠷᠤᠭᠴᠢᠳ ᠢ ᠤᠷᠢᠳᠠᠪᠠᠷ ᠪᠠᠲᠤᠯᠠᠨ᠎ᠠ᠃      ︵ᠳᠦᠷᠪᠡ︶ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠰᠤᠷᠤᠭᠴᠢ ᠶᠢᠨ ᠭᠡᠷ ᠤᠨ ᠠᠬᠠᠮᠠᠳ ᠰᠤᠷᠭᠠᠭᠤᠯᠢ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ  ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠵᠤ᠂ ᠰᠤᠷᠭᠠᠭᠤᠯᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠪᠣᠳᠠᠲᠠᠶ ᠲᠣᠬᠢᠷᠠᠭᠤᠯᠤᠯᠲᠠ ᠶᠢ ᠰᠤᠷᠭᠠᠭᠤᠯᠢ ᠠᠴᠠ ᠬᠠᠷᠢᠭᠤᠴᠠᠵᠤ᠂ ᠰᠤᠷᠭᠠᠭᠤᠯᠢ ᠠᠴᠠ ᠬᠠᠮᠢᠶᠠᠷᠤᠯᠲᠠ᠂ ᠠᠵᠢᠯᠲᠠᠨ᠂ ᠲᠠᠯᠠᠪᠤᠷ ᠭᠠᠵᠠᠷ᠂ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠠᠰᠢᠭᠯᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠵᠠᠷᠴᠢᠮ ᠳᠡᠭᠡᠷ᠎ᠡ ᠪᠠᠨ ᠨᠢᠭᠡ   ᠰᠤᠷᠤᠯᠭ᠎ᠠ ᠶᠢᠨ ᠬᠤᠭᠤᠴᠠᠭ᠎ᠠ ᠪᠠᠷ ᠬᠠᠷᠢᠴᠠᠩᠭᠤᠶ ᠲᠣᠭᠲᠠᠮᠠᠯ ᠬᠤᠭᠤᠴᠠᠭ᠎ᠠ ᠪᠣᠯᠭᠠᠨ᠎ᠠ᠃      ︵ᠲᠠᠪᠤ︶ ᠦᠢᠯᠡᠴᠢᠯᠡᠭᠡᠨ ᠤ ᠠᠭᠤᠯᠭ᠎ᠠ᠃ ᠬᠢᠴᠢᠶᠡᠯ ᠤᠨ ᠳᠠᠷᠠᠭᠠᠬᠢ  ᠦᠢᠯᠡᠴᠢᠯᠡᠭᠡ ᠶᠢ ᠰᠤᠷᠭᠠᠭᠤᠯᠢ ᠶᠢᠨ ᠪᠠᠶᠢᠳᠠᠯ ᠳᠤᠨᠢ ᠲᠣᠬᠢᠷᠠᠭᠤᠯᠬᠤ ᠬᠡᠷᠡᠭᠲᠡᠶ᠂ ᠦᠢᠯᠡᠴᠢᠯᠡᠭᠡᠨ ᠤ ᠠᠭᠤᠯᠭ᠎ᠠ ᠳᠤ ᠳᠣᠤᠷᠠᠬᠢ ᠬᠡᠳᠦᠨ ᠵᠦᠢᠯ ᠢ ᠪᠠᠭᠲᠠᠭᠠᠵᠤ ᠪᠣᠯᠤᠨ᠎ᠠ᠄      1.  ᠰᠤᠷᠭᠠᠭᠤᠯᠢ ᠳᠠᠬᠢ ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢᠨ ᠦᠢᠯᠡᠴᠢᠯᠡᠭᠡ᠃ ᠰᠤᠷᠭᠠᠭᠤᠯᠢ ᠨᠤᠭᠤᠳ ᠨᠥᠬᠦᠴᠡᠯ ᠡᠭᠦᠳᠴᠦ ᠪᠠᠶᠢᠭᠠᠳ ᠰᠢᠮ᠎ᠡ ᠲᠡᠵᠢᠭᠡᠯᠲᠦ ᠬᠤᠭᠤᠯᠠ ᠲᠤᠬᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠰᠤᠷᠤᠭᠴᠢᠳ ᠲᠤ ᠠᠷᠢᠭᠤᠨ ᠴᠡᠪᠡᠷ᠂ ᠠᠮᠤᠷ ᠲᠦᠪᠰᠢᠨ ᠬᠤᠭᠤᠯᠠ ᠢᠳᠡᠬᠦ ᠣᠷᠴᠢᠨ ᠲᠣᠭᠤᠷᠢᠨ ᠢ ᠬᠠᠩᠭᠠᠵᠤ᠂ ᠬᠤᠭᠤᠯᠠᠨ ᠭᠡᠷ ᠵᠢᠴᠢ ᠰᠤᠷᠤᠭᠴᠢᠳ ᠤᠨ ᠬᠠᠮᠲᠤ ᠪᠠᠷ ᠬᠤᠭᠤᠯᠠ ᠢᠳᠡᠬᠦ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠤᠷᠤᠭᠴᠢᠳ ᠤᠨ ᠶᠡᠷᠦᠩᠬᠡᠶᠢᠯᠡᠭᠰᠡᠨ  ᠦᠢᠯᠡᠳᠦᠯᠭᠡ ᠶᠢᠨ ᠬᠢᠴᠢᠶᠡᠯ ᠢ ᠵᠢᠷᠤᠭᠯᠠᠨ ᠲᠥᠯᠥᠪᠯᠡᠬᠦ ᠬᠡᠷᠡᠭᠲᠡᠶ᠃ ᠰᠤᠷᠭᠠᠭᠤᠯᠢ ᠶᠢᠨ ᠬᠤᠭᠤᠯᠠᠨ ᠭᠡᠷ ᠨᠢ ᠡᠷᠬᠡᠪᠰᠢ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠭᠠᠭᠤᠯᠢ ᠶᠢᠨ ᠢᠳᠡᠭᠡᠨ ᠤ ᠠᠶᠤᠯᠭᠦᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠡᠵᠡᠩᠨᠡᠬᠦ ᠬᠠᠤᠯᠢ ᠶᠣᠰᠣᠨ ᠤ ᠵᠥᠪᠰᠢᠶᠡᠷᠡᠯ ᠤᠨ ᠬᠢᠷᠢ ᠬᠡᠮ ᠢ ᠣᠯᠵᠤ᠂ ᠱᠠᠭᠠᠷᠳᠠᠯᠭ᠎ᠠ ᠶᠣᠰᠣᠭᠠᠷ ᠨᠥᠬᠦᠴᠡᠯ ᠳᠤ ᠨᠡᠶᠢᠴᠡᠬᠦ ᠲᠤᠰᠬᠠᠶ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠲᠣᠬᠢᠷᠠᠭᠤᠯᠬᠤ ᠬᠡᠷᠡᠭᠲᠡᠶ᠃ ᠰᠤᠷᠭᠠᠭᠤᠯᠢ ᠶᠢᠨ ᠢᠳᠡᠭᠡᠨ ᠤ ᠠᠶᠤᠯᠭᠦᠢ ᠶᠢᠨ ᠡᠯ᠎ᠡ  ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠶᠡᠭᠡ ᠬᠡᠮᠵᠢᠶᠡᠨ ᠤ ᠢᠳᠡᠭᠡᠨ ᠤ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ᠂ ᠬᠠᠮᠲᠤ ᠶᠢᠨ ᠬᠤᠭᠤᠯᠠ ᠲᠤᠬᠢᠷᠠᠭᠤᠯᠤᠨ ᠬᠦᠷᠭᠡᠬᠦ ᠨᠢᠭᠡᠴᠢ ᠶᠢᠨ ᠢᠳᠡᠭᠡᠨ ᠤ ᠠᠶᠤᠯᠬᠦᠢ ᠶᠢᠨ ᠡᠳᠦᠷ ᠲᠤᠲᠤᠮ ᠤᠨ ᠬᠠᠮᠢᠶᠠᠷᠤᠯᠲᠠ ᠵᠢᠴᠢ ᠠᠵᠢᠯᠯᠠᠭᠰᠠᠳ ᠤᠨ ᠢᠳᠡᠭᠡᠨ ᠤ ᠠᠶᠤᠯᠬᠦᠢ ᠶᠢᠨ ᠤᠬᠠᠭᠤᠯᠭ᠎ᠠ ᠬᠥᠮᠦᠵᠢᠯ ᠪᠣᠯᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ᠂ ᠱᠠᠭᠠᠷᠳᠠᠯᠭ᠎ᠠ ᠶᠣᠰᠣᠭᠠᠷ ᠲᠥᠪᠯᠡᠷᠡᠭᠦᠯᠦᠨ ᠬᠤᠭᠤᠯᠠᠯᠠᠵᠤ ᠪᠠᠷ᠎ᠠ ᠪᠣᠯᠵᠤ ᠬᠤᠭᠤᠯᠠᠯᠠᠬᠤ ᠳᠦᠷᠢᠮ ᠢ ᠪᠠᠶᠢᠭᠤᠯᠬᠤ ᠬᠡᠷᠡᠭᠲᠡᠶ᠃      ᠦᠳᠡ ᠶᠢᠨ ᠠᠮᠠᠷᠠᠯᠲᠠ ᠶᠢᠨ ᠦᠢᠯᠡᠴᠢᠯᠡᠭᠡ ᠶᠢ ᠡᠩ ᠤᠨ ᠪᠠᠶᠢᠳᠠᠯ ᠳᠤ ᠬᠢᠴᠢᠶᠡᠯ ᠤᠨ ᠭᠡᠷ ᠲᠤ ᠲᠣᠬᠢᠷᠠᠭᠤᠯᠬᠤ ᠪᠤᠶᠤ ᠥᠭᠡᠷᠡᠴᠢᠯᠡᠬᠦ ᠪᠠᠷ ᠳᠠᠮᠵᠢᠨ ᠵᠣᠬᠢᠬᠤ ᠨᠥᠬᠦᠴᠡᠯ ᠪᠦᠷᠢᠯᠳᠦᠭᠦᠯᠦᠭᠰᠡᠨ ᠨᠣᠮ ᠤᠨ ᠰᠠᠩ᠂ ᠤᠩᠰᠢᠯᠭ᠎ᠠ ᠶᠢᠨ ᠲᠠᠰᠤᠭ᠂ ᠣᠯᠠᠨ ᠴᠢᠳᠠᠮᠵᠢᠲᠤ ᠲᠠᠰᠤᠭ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠠᠯᠠᠪᠤᠷ ᠲᠤ ᠲᠣᠬᠢᠷᠠᠭᠤᠯᠬᠤ ᠪᠥᠭᠡᠳ ᠴᠥᠮ ᠭᠠᠯ ᠰᠡᠷᠭᠡᠶᠢᠯᠡᠨ ᠤᠨᠲᠠᠷᠠᠭᠠᠬᠤ ᠠᠶᠤᠯᠬᠦᠢ ᠶᠢᠨ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠨᠥᠬᠦᠴᠡᠯ ᠨᠢ ᠨᠡᠯᠢᠶᠡᠳ ᠰᠠᠶᠢᠨ ᠲᠠᠯᠠᠪᠤᠷ ᠭᠠᠵᠠᠷ ᠢ ᠳᠣᠤᠷ᠎ᠠ ᠠᠩᠭᠢ ᠶᠢᠨ ᠰᠤᠷᠤᠭᠴᠢᠳ ᠲᠤ ᠤᠷᠢᠳᠠᠪᠡᠷ ᠬᠠᠩᠭᠠᠨ ᠬᠡᠷᠡᠭᠯᠡᠭᠦᠯᠦᠨ᠎ᠡ᠃      2. ᠦᠳᠡ ᠶᠢᠨ ᠬᠤᠶᠢᠨᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ᠃ ᠰᠤᠷᠤᠭᠴᠢᠳ ᠢ ᠲᠣᠭᠲᠠᠭᠰᠠᠨ ᠲᠠᠯᠠᠪᠤᠷ ᠲᠤ ᠪᠡᠶ᠎ᠡ ᠪᠠᠨ ᠳᠠᠭᠠᠭᠠᠵᠤ ᠳᠠᠰᠬᠠᠯ ᠬᠢᠯᠭᠡᠬᠦ ᠪᠠᠷ ᠲᠣᠬᠢᠷᠠᠭᠤᠯᠵᠤ᠂ ᠪᠦᠲᠦᠮᠵᠢᠲᠡᠶ ᠵᠢᠯᠣᠭᠤᠳᠬᠤ ᠪᠠ ᠳᠠᠰᠬᠠᠯ ᠤᠨ ᠬᠡᠮᠵᠢᠶ᠎ᠡ ᠶᠢ ᠡᠵᠡᠮᠳᠡᠬᠦ ᠶᠢ ᠤᠶᠠᠯᠳᠤᠭᠤᠯᠵᠤ᠂ ᠰᠤᠷᠤᠭᠴᠢᠳ ᠤᠨ ᠭᠡᠳᠦᠷᠡᠬᠢ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ︽ᠨᠢᠳᠦᠨ ᠰᠢᠯ︾ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠪᠡᠶ᠎ᠡ ᠶᠢᠨ ᠲᠠᠮᠢᠷ ᠤᠨ ᠪᠣᠯᠪᠠᠰᠤᠷᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ ᠡᠯ᠎ᠡ ᠲᠥᠷᠥᠯ ᠤᠨ ᠨᠡᠶᠢᠭᠡᠮ ᠤᠨ ᠪᠦᠯᠬᠦᠮ ᠪᠤᠶᠤ ᠳᠤᠷ᠎ᠠ ᠰᠣᠨᠢᠷᠬᠠᠯ ᠤᠨ ᠳᠤᠭᠤᠶᠢᠯᠠᠩ ᠢ ᠥᠷᠨᠢᠭᠦᠯᠵᠦ᠂ ᠰᠤᠷᠤᠭᠴᠢᠳ ᠲᠤ ︽ᠲᠣᠪᠶᠤᠭ  ᠬᠡᠯᠪᠡᠷᠢ︾ ᠶᠢᠨ  ᠦᠢᠯᠡᠴᠢᠯᠡᠭᠡ ᠬᠠᠩᠭᠠᠨ᠎ᠠ︔ ᠰᠤᠷᠤᠭᠴᠢᠳ ᠤᠨ ᠪᠡᠶ᠎ᠡ ᠪᠠᠨ ᠳᠠᠭᠠᠭᠠᠵᠤ ᠨᠣᠮ ᠤᠩᠰᠢᠬᠤ ᠪᠤᠶᠤ ᠨᠣᠮ ᠤᠩᠰᠢᠵᠤ ᠪᠤᠳᠤᠯ ᠢᠶᠠᠨ ᠰᠣᠯᠢᠯᠴᠠᠬᠤ ᠠᠵᠢᠯᠯᠠᠭ᠎ᠠ ᠥᠷᠨᠢᠭᠦᠯᠬᠦ ᠶᠢ ᠲᠣᠬᠢᠷᠠᠭᠤᠯᠵᠤ᠂ ᠵᠠᠯᠠᠭᠤᠴᠤᠳ ᠪᠠᠭᠠᠴᠤᠳ ᠲᠤ ᠲᠣᠬᠢᠷᠠᠬᠤ ᠺᠢᠨᠣ᠋ ᠶᠢ ᠦᠵᠡᠭᠦᠯᠦᠨ᠎ᠡ︔ ᠲᠤᠰᠬᠠᠶ ᠰᠡᠳᠦᠪᠲᠦ ᠬᠥᠮᠦᠵᠢᠯ ᠪᠤᠶᠤ ᠣᠨᠴᠠᠯᠢᠭᠲᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠳᠦᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠬᠡᠷᠡᠭᠵᠢᠭᠦᠯᠬᠦ ᠲᠥᠰᠦᠯ ᠲᠣᠭᠲᠠᠭᠠᠬᠤ ᠬᠡᠷᠡᠭᠲᠡᠶ᠃ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠷᠣᠯᠴᠠᠭᠰᠠᠨ ᠠᠵᠢᠯ ᠤᠨ ᠳᠦᠷᠢᠮ ᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ  ᠰᠤᠳᠤᠯᠤᠨ ᠲᠣᠭᠲᠠᠭᠠᠵᠤ ᠂ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ︵ᠬᠤᠶᠠᠷ︶ ᠰᠤᠷᠭᠠᠭᠤᠯᠢ ᠪᠠᠷ ᠭᠤᠤᠯ ᠪᠣᠯᠭᠠᠨ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠬᠤ ᠬᠡᠷᠡᠭᠲᠡᠶ᠃ ᠰᠤᠷᠭᠠᠭᠤᠯᠢ ᠠᠴᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ ᠢᠶᠠᠨ ᠲᠣᠭᠲᠠᠭᠠᠵᠤ᠂ ᠦᠢᠯᠡᠴᠢᠯᠡᠬᠦ ᠴᠠᠭ᠂  ᠠᠭᠤᠯᠭ᠎ᠠ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ᠂ ᠰᠦᠢᠳᠭᠡᠯ ᠬᠤᠷᠢᠶᠠᠬᠤ ᠵᠦᠢᠯ ᠵᠡᠷᠭᠡ ᠶᠢ  ᠲᠤᠳᠤᠷᠬᠠᠶᠢᠯᠠᠵᠦ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠰᠤᠷᠤᠭᠴᠢ ᠶᠢᠨ ᠭᠡᠷ ᠤᠨ ᠠᠬᠠᠮᠠᠳ ᠲᠤ   ᠮᠡᠳᠡᠭᠳᠡᠵᠦ ᠰᠤᠷᠭᠠᠭᠤᠯᠢ ᠶᠢᠨ ᠵᠠᠷᠯᠠᠨ ᠨᠡᠶᠢᠲᠡᠯᠡᠬᠦ ᠪᠤᠯᠤᠩ ᠪᠣᠯᠤᠨ ᠰᠦᠯᠵᠢᠶᠡᠨ ᠳᠡᠭᠡᠷ᠎ᠡ ᠨᠡᠶᠢᠲᠡᠯᠡᠨ᠂ ᠰᠤᠷᠤᠭᠴᠢ ᠶᠢᠨ ᠭᠡᠷ ᠤᠨ ᠠᠬᠠᠮᠠᠳ ᠤᠨ ᠰᠠᠶᠢᠨ ᠳᠤᠷ᠎ᠠ ᠠᠴᠠ ᠪᠠᠨ  ᠰᠤᠩᠭᠤᠵᠤ ᠭᠤᠶᠤᠴᠢᠯᠠᠬᠤ ᠳᠤ ᠳᠥᠭᠦᠮ ᠦᠵᠡᠭᠦᠯᠬᠦ ᠬᠡᠷᠡᠭᠲᠡᠶ᠃      ︵ᠭᠤᠷᠪᠠ︶ ᠡᠩᠨᠡᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠪᠠᠭᠰᠢ ᠨᠠᠷ ᠤᠨ ᠳᠤᠷ᠎ᠠ ᠪᠠᠬ᠎ᠠ ᠠᠪᠢᠶᠠᠰ ᠢᠶᠠᠨ ᠪᠠᠳᠠᠷᠠᠭᠤᠯᠵᠤ᠂ ᠬᠢᠴᠢᠶᠡᠯ ᠲᠥᠷᠥᠯ ᠠᠯᠤᠰᠯᠠᠨ ᠰᠤᠷᠤᠭᠴᠢᠳ ᠢ ᠵᠢᠯᠣᠭᠤᠳᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠶᠢᠨ ᠨᠡᠶᠢᠭᠡᠮ ᠤᠨ ᠲᠤᠰᠬᠠᠶ ᠮᠡᠷᠭᠡᠵᠢᠯ ᠤᠨ ᠠᠵᠢᠯᠲᠠᠨ᠂ ᠰᠤᠷᠤᠭᠴᠢ ᠶᠢᠨ ᠭᠡᠷ ᠤᠨ ᠠᠬᠠᠮᠠᠳ᠂ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠰᠤᠷᠤᠭᠴᠢ᠂ ᠠᠵᠢᠯ ᠠᠴᠠ ᠪᠠᠨ ᠠᠮᠠᠷᠠᠭᠰᠠᠨ ᠪᠠᠭᠰᠢ ᠵᠡᠷᠭᠡ ᠶᠢ ᠵᠣᠬᠢᠶᠠᠨ ᠪᠠᠶᠢᠭᠤᠯᠤᠨ ᠰᠤᠷᠤᠭᠴᠢᠳ ᠲᠤ ᠡᠯ᠎ᠡ ᠵᠦᠢᠯ ᠤᠨ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠶᠢ ᠳᠠᠮᠵᠢᠵᠤ᠂ ᠪᠡᠶ᠎ᠡ ᠶᠢᠨ ᠲᠠᠮᠢᠷ ᠤᠨ ᠳᠠᠰᠬᠠᠯᠵᠢᠭᠤᠯᠤᠭᠴᠢ᠂ ᠠᠷᠠᠳ ᠤᠨ ᠳᠤᠮᠳᠠᠬᠢ ᠤᠷᠠᠨ ᠳᠠᠷᠬᠠᠨ᠂ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ ᠵᠢᠴᠢ ᠨᠡᠶᠢᠭᠡᠮ ᠤᠨ ᠬᠠᠯᠠᠭᠤᠨ ᠰᠡᠳᠬᠢᠯᠲᠦ ᠬᠥᠮᠦᠰ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠳᠠᠶᠢᠴᠢᠯᠠᠨ᠂ ᠰᠤᠷᠤᠭᠴᠢᠳ ᠲᠤ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠦᠢᠯᠡᠴᠢᠯᠡᠭᠡ ᠬᠠᠩᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠤᠷᠭᠠᠭᠤᠯᠢ ᠵᠢᠴᠢ ᠬᠠᠮᠢᠶ᠎ᠠ ᠪᠦᠬᠦᠢ ᠪᠠᠶᠢᠭᠤᠯᠤᠮᠵᠢ ᠠᠴᠠ ᠣᠷᠣᠯᠴᠠᠭᠰᠠᠳ ᠢ ᠴᠢᠩᠭ᠎ᠠ ᠬᠠᠮᠢᠶᠠᠷᠬᠤ ᠬᠡᠷᠡᠭᠲᠡᠶ᠃      ︵ᠳᠦᠷᠪᠡ︶ ᠵᠠᠷᠤᠳᠠᠯ ᠤᠨ ᠲᠥᠰᠦᠪ ᠢ ᠰᠠᠶᠢᠲᠤᠷ ᠬᠢᠬᠦ ᠬᠡᠷᠡᠭᠲᠡᠶ᠃ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠳ᠋ ᠤᠨ ᠵᠠᠰᠠᠭ ᠤᠨ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠪᠠᠭᠰᠢ ᠰᠤᠷᠤᠭᠴᠢᠳ ᠲᠤ ᠬᠠᠨᠳᠤᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠵᠦ ᠨᠥᠬᠦᠪᠥᠷᠢ ᠵᠠᠷᠤᠳᠠᠯ ᠢ ᠬᠢᠨᠠᠨ ᠲᠣᠭᠲᠠᠭᠠᠬᠤ ᠬᠡᠷᠡᠭᠲᠡᠶ᠃  ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠠᠩᠰᠠᠨ ᠳᠤ  ᠪᠠᠶᠢᠭ᠎ᠠ ᠰᠤᠷᠭᠠᠭᠤᠯᠢ ᠳᠤ ᠪᠠᠶᠢᠭ᠎ᠠ ᠬᠥᠮᠦᠨ ᠤ ᠲᠤᠭ᠎ᠠ ︵ᠰᠤᠷᠤᠯᠭ᠎ᠠ ᠶᠢᠨ ᠳᠠᠩᠰᠠ ᠶᠢᠨ ᠬᠥᠮᠥᠷᠭᠡ ᠶᠢᠨ ᠲᠤᠭ᠎ᠠ ᠪᠠᠷᠢᠮᠲᠠ︶ ᠪᠠᠷ ᠰᠠᠭᠤᠷᠢ ᠲᠤᠭ᠎ᠠ ᠪᠣᠯᠭᠠᠵᠤ᠂ ᠰᠤᠷᠤᠭᠴᠢ ᠨᠢᠭᠡᠪᠦᠷᠢ ᠳᠤ ᠰᠠᠷ᠎ᠠ ᠪᠦᠷᠢ 35 ᠲᠥᠭᠦᠷᠢᠭ ᠤᠨ ᠪᠠᠷᠢᠮᠵᠢᠶ᠎ᠠ ᠪᠠᠷ᠂ ᠵᠢᠯ ᠪᠦᠷᠢ 10 ᠰᠠᠷ᠎ᠠ ᠪᠠᠷ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠥᠬᠦᠪᠥᠷᠢ ᠶᠢᠨ ᠵᠠᠷᠤᠳᠠᠯ ᠢ ᠬᠢᠨᠠᠨ ᠲᠣᠭᠲᠠᠭᠠᠬᠤ ᠶᠢᠨ ᠬᠠᠮᠲᠤ ᠲᠡᠭᠦᠨ ᠤ ᠤᠨ ᠤ ᠨᠢᠭᠡᠴᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠣᠷᠣᠭᠤᠯᠬᠤ ᠬᠡᠷᠡᠭᠲᠡᠶ᠃ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠳ᠋ ᠤᠨ ᠵᠠᠰᠠᠭ ᠤᠨ ᠡᠷᠬᠡ᠂ ᠠᠵᠢᠯ ᠶᠠᠪᠤᠳᠠᠯ ᠤᠨ ᠡᠷᠬᠡ ᠶᠢ ᠬᠠᠷᠢᠯᠴᠠᠨ ᠨᠢᠭᠡᠳᠦᠭᠦᠯᠬᠦ ᠵᠠᠷᠴᠢᠮ ᠶᠣᠰᠣᠭᠠᠷ᠂ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠢ ᠬᠤᠲᠠ ᠶᠢᠨ ᠡᠳ᠋ ᠤᠨ ᠵᠠᠰᠠᠭ ᠠᠴᠠ ᠡᠭᠦᠷᠭᠡᠯᠡᠵᠦ᠂ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃      ︵ᠲᠠᠪᠤ︶ ᠠᠵᠢᠯᠲᠠᠨ ᠤ ᠵᠦᠶ ᠵᠣᠬᠢᠰᠲᠠᠶ ᠬᠥᠯᠥᠰᠥ ᠣᠯᠭᠤᠮᠵᠢ᠃ ᠡᠯ᠎ᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠠᠭᠠᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠵᠦ  ᠪᠠᠶᠢᠭ᠎ᠠ ᠰᠤᠷᠭᠠᠭᠤᠯᠢ ᠨᠤᠭᠤᠳ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ᠂ ᠴᠠᠭ ᠤᠨ ᠤᠷᠲᠤ ᠵᠡᠷᠭᠡ ᠪᠠᠶᠢᠳᠠᠯ ᠢ ᠦᠨᠳᠦᠰᠦᠯᠡᠨ᠂ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠵᠣᠬᠢᠰᠲᠠᠶ ᠨᠡᠮᠡᠵᠦ ᠬᠠᠷᠭᠤᠭᠤᠯᠬᠤ ᠬᠡᠷᠡᠭᠲᠡᠶ︔ ᠡᠯ᠎ᠡ ᠰᠤᠷᠭᠠᠭᠤᠯᠢ ᠨᠤᠭᠤᠳ ᠬᠢᠨᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠳᠣᠲᠣᠷ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠰᠠᠨ ᠪᠠᠭᠰᠢ ᠨᠠᠷ ᠲᠤ ᠵᠣᠬᠢᠬᠤ ᠬᠠᠷᠠᠭᠠᠯᠵᠠᠯ ᠦᠵᠡᠭᠦᠯᠬᠦ ᠬᠡᠷᠡᠭᠲᠡᠶ᠃ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠭᠰᠢ ᠶᠢᠨ ᠨᠥᠬᠦᠪᠥᠷᠢ ᠶᠢ ᠲᠤᠰᠬᠠᠶ ᠵᠦᠢᠯ ᠢᠶᠠᠷ ᠬᠢᠨᠠᠨ ᠲᠣᠭᠲᠠᠭᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠤᠨ᠂ ᠠᠮᠵᠢᠯᠲᠠ ᠪᠦᠲᠦᠮᠵᠢ ᠶᠢᠨ ᠴᠠᠯᠢᠩ ᠤᠨ ᠰᠠᠭᠤᠷᠢ ᠲᠤᠭ᠎ᠠ ᠳᠤ ᠤᠷᠤᠭᠤᠯᠬᠤ ᠦᠭᠡᠢ᠂ ᠭᠤᠤᠯᠳᠠᠭᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠭᠰᠢ ᠶᠢᠨ ᠬᠤᠪᠢᠶᠠᠷᠢᠯᠠᠯᠲᠠ ᠳᠤ ᠬᠡᠷᠡᠭᠯᠡᠨ᠎ᠡ᠃ ᠰᠤᠷᠭᠠᠭᠤᠯᠢ ᠶᠢᠨ ᠭᠠᠳᠠᠨ᠎ᠠ ᠠᠴᠠ ᠤᠷᠢᠭᠰᠠᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠨᠡᠶᠢᠭᠡᠮ ᠤᠨ ᠲᠤᠰᠬᠠᠶ ᠮᠡᠷᠭᠡᠵᠢᠯ ᠤᠨ ᠠᠵᠢᠯᠲᠠᠨ ᠢ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠪᠠᠶᠢᠭᠠᠳ ᠬᠤᠯᠪᠣᠭᠳᠠᠯ ᠪᠦᠬᠦᠢ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢ ᠲᠣᠭᠲᠠᠭᠠᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠤᠰᠬᠠᠶ ᠵᠦᠢᠯ ᠤᠨ ᠵᠠᠷᠤᠳᠠᠯ ᠠᠴᠠ ᠭᠠᠷᠭᠠᠵᠤ ᠪᠣᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠬᠦ ᠶᠢ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠳᠤ ᠣᠷᠣᠭᠤᠯᠤᠨ᠎ᠠ᠃      ᠲᠠᠪᠤ᠂ ᠪᠠᠲᠤᠯᠠᠭ᠎ᠠ ᠶᠢᠨ ᠲᠣᠭᠲᠠᠴᠠ      ︵ᠨᠢᠭᠡ︶ ᠵᠣᠬᠢᠶᠠᠨ  ᠪᠠᠶᠢᠭᠤᠯᠵᠤ ᠤᠳᠤᠷᠢᠳᠤᠬᠤ ᠪᠠᠨ ᠴᠢᠩᠭᠠᠳᠬᠠᠬᠤ ᠬᠡᠷᠡᠭᠲᠡᠢ      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠣᠯᠤᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠣᠰᠣᠭᠠᠷ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠦᠯᠦᠪᠵᠢᠭᠦᠯᠵᠦ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠵᠤ᠂ ᠡᠯ᠎ᠡ ᠱᠠᠲᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠰᠣᠶᠣᠯ᠂ ᠪᠡᠶ᠎ᠡ ᠶᠢᠨ ᠲᠠᠮᠢᠷ᠂ ᠡᠪᠯᠡᠯ ᠤᠨ ᠬᠤᠷᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠰᠠᠯᠠᠭ᠎ᠠ ᠮᠥᠴᠢᠷ ᠪᠣᠯᠤᠨ ᠵᠣᠬᠢᠶᠠᠨ ᠪᠠᠶᠢᠭᠤᠯᠤᠯᠲᠠ ᠨᠤᠭᠤᠳ ᠢᠳᠡᠪᠬᠢᠲᠡᠶ ᠪᠠᠷ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠬᠠᠮᠵᠢᠯᠴᠠᠨ ᠠᠬᠢᠭᠤᠯᠬᠤ ᠬᠡᠷᠡᠭᠲᠡᠶ᠃      ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ      ᠡᠯ᠎ᠡ ᠬᠤᠰᠢᠭᠤ ᠰᠢᠶᠠᠨ ᠲᠣᠭᠤᠷᠢᠭ  ᠪᠣᠳᠠᠲᠠᠶ ᠲᠠᠢ ᠪᠠᠨ ᠤᠶᠠᠯᠳᠤᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶ᠎ᠠ ᠪᠦᠬᠦᠢ ᠵᠠᠷᠤᠳᠠᠯ ᠢ ᠪᠠᠲᠤᠯᠠᠵᠤ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠬᠤᠪᠢᠶᠠᠷᠢᠯᠠᠬᠤ ᠳᠠᠭᠠᠨ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠬᠡᠯᠪᠠᠶᠢᠯᠭᠡᠬᠦ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃      ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠵᠠᠷᠤᠳᠠᠯ ᠢ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠤᠰᠤ ᠴᠠᠬᠢᠯᠭᠠᠨ ᠤ ᠵᠠᠷᠤᠳᠠᠯ᠂  ᠬᠤᠷᠤᠭᠤᠳᠠᠬᠤ ᠡᠳ᠋ ᠬᠤᠳᠠᠯᠳᠤᠨ ᠠᠪᠬᠤ᠂ ᠲᠠᠯᠠᠪᠤᠷ ᠪᠠᠭᠠᠵᠢ ᠬᠡᠷᠡᠭᠰᠡᠯ ᠬᠠᠮᠠᠭᠠᠯᠠᠬᠤ᠂ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯᠲᠠᠨ ᠤ ᠬᠢᠴᠢᠶᠡᠯ ᠤᠨ ᠴᠠᠭ ᠤᠨ ᠲᠤᠰᠠᠯᠠᠮᠵᠢ ᠵᠡᠷᠭᠡ ᠳᠤ ᠬᠡᠷᠡᠭᠯᠡᠵᠦ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠠᠮᠢᠶ᠎ᠠ ᠪᠦᠬᠦᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠬᠡᠷᠡᠭᠯᠡᠬᠦ ᠬᠡᠷᠡᠭᠲᠡᠶ᠃      ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ      ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶ᠎ᠠ ᠪᠦᠬᠦᠢ ᠳᠦᠷᠢᠮ ᠢ ᠪᠠᠶᠢᠭᠤᠯᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠤᠨ ᠨᠥᠬᠦᠪᠥᠷᠢ ᠶᠢᠨ ᠵᠠᠷᠤᠳᠠᠯ ᠢ ᠲᠤᠰᠬᠠᠶ ᠵᠣᠭᠤᠰ ᠢ ᠲᠤᠰᠬᠠᠶ  ᠵᠦᠢᠯ ᠳᠤᠨᠢ ᠬᠡᠷᠡᠭᠯᠡᠬᠦ ᠬᠡᠷᠡᠭᠲᠡᠶ᠂ ᠪᠤᠰᠤᠳ ᠶᠠᠮᠠᠷᠪᠠ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠪᠣᠯ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠢᠭᠡᠳᠦᠭᠡᠷ ᠬᠠᠷᠢᠭᠤᠴᠠᠯᠭᠠᠲᠠᠨ ᠮᠥᠨ᠂ ᠰᠤᠷᠭᠠᠭᠤᠯᠢ ᠠᠴᠠ ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢᠳ ᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠵᠤ ᠪᠣᠯᠬᠤ ᠥᠬᠡᠶ︔ ᠵᠠᠪᠰᠢᠶᠠᠨ ᠢ ᠳᠠᠯᠢᠮᠳᠠᠭᠤᠯᠤᠨ ᠬᠢᠴᠢᠶᠡᠯ ᠲᠥᠷᠥᠯ ᠢ ᠲᠥᠪᠯᠡᠷᠡᠭᠦᠯᠦᠨ ᠵᠢᠭᠠᠨ ᠰᠤᠷᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ︔ ᠠᠨᠠᠢ ᠶᠢ ᠨᠥᠬᠦᠪᠥᠷᠢᠯᠡᠬᠦ  ᠰᠢᠯᠢᠳᠡᠭ ᠢ ᠬᠥᠮᠦᠵᠢᠭᠦᠯᠬᠦ ᠵᠡᠷᠭᠡ ᠨᠡᠷ᠎ᠡ ᠪᠠᠷ ᠬᠠᠮᠲᠤ ᠪᠠᠷ ᠬᠢᠴᠢᠶᠡᠯ ᠨᠥᠬᠦᠪᠥᠷᠢᠯᠡᠬᠦ ᠶᠢ ᠵᠣᠬᠢᠶᠠᠨ ᠪᠠᠶᠢᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ︔ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠡᠷ᠎ᠡ ᠪᠠᠷ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠳᠦᠷᠪᠡ︶ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ      ᠡᠯ᠎ᠡ ᠬᠤᠰᠢᠭᠤ ᠰᠢᠶᠠᠨ ᠲᠣᠭᠤᠷᠢᠭ  ᠠᠴᠠ ᠡᠨᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠢᠴᠢᠶᠡᠯ ᠤᠨ ᠳᠠᠷᠠᠭᠠᠬᠢ ᠠᠳᠠᠯᠢ ᠪᠤᠰᠤ ᠦᠢᠯᠡᠴᠢᠯᠡᠭᠡᠨ ᠤ ᠠᠵᠢᠯ ᠤᠨ ᠵᠠᠭᠪᠤᠷ ᠢ ᠦᠨᠳᠦᠰᠦᠯᠡᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠠᠮᠢᠶᠠᠷᠬᠤ ᠳᠤ ᠬᠦᠷᠦᠯᠴᠡᠬᠦ᠋ᠢᠴᠡ ᠲᠣᠭᠠᠨ ᠤ ᠬᠥᠮᠦᠰ ᠢ ᠲᠣᠬᠢᠷᠠᠭᠤᠯᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠳᠤ ᠣᠷᠣᠯᠴᠠᠭᠰᠠᠨ ᠪᠣᠶ ᠪᠦᠬᠦᠢ ᠬᠥᠮᠦᠰ ᠢ ᠡᠷᠬᠡᠪᠰᠢ ᠤᠷᠢᠳᠠᠪᠠᠷ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ︔ ᠰᠤᠷᠭᠠᠭᠤᠯᠢ ᠨᠤᠭᠤᠳ ᠠᠮᠤᠷ ᠲᠦᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ ᠪᠠ ᠳᠠᠩᠰᠠᠯᠠᠨ ᠲᠡᠮᠳᠡᠭᠯᠡᠬᠦ ᠵᠡᠷᠭᠡ ᠬᠠᠮᠢᠶ᠎ᠠ ᠪᠦᠬᠦᠢ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠭᠰᠢ  ᠰᠤᠷᠤᠭᠴᠢᠳ ᠤᠨ ᠰᠤᠷᠭᠠᠭᠤᠯᠢ ᠳᠤ ᠪᠠᠶᠢᠭ᠎ᠠ ᠬᠤᠭᠤᠴᠠᠭᠠᠨ  ᠳᠠᠬᠢ ᠠᠮᠤᠷ ᠲᠦᠪᠰᠢᠨ ᠪᠠ ᠰᠠᠶᠢᠨ ᠰᠠᠶᠢᠬᠠᠨ ᠡᠮᠬᠢ ᠳᠢᠭᠯᠢᠮ ᠢ ᠪᠠᠲᠤᠯᠠᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠰᠤᠷᠭᠠᠭᠤᠯᠢ ᠶᠢᠨ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠳᠤ ᠪᠤᠳᠤᠯᠢᠶᠠᠨᠲᠠᠶ ᠭᠠᠵᠠᠷ ᠲᠠᠯᠠᠪᠤᠷ ᠤᠨ ᠠᠶᠤᠯᠬᠦᠢ ᠶᠢᠨ ᠪᠠᠶᠢᠴᠠᠭᠠᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠠᠵᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠯᠤᠭᠤᠳᠬᠠᠨ ᠵᠢᠯᠣᠭᠤᠳᠬᠤ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃       ᠵᠢᠷᠭᠤᠭ᠎ᠠ᠂ ᠪᠤᠰᠤᠳ ᠵᠦᠢᠯ      ᠪᠠᠶᠢᠷᠢ ᠳᠤ ᠰᠠᠭᠤᠬᠤ ᠳᠦᠷᠢᠮᠲᠦ ᠲᠤᠮᠳᠠᠲᠦ ᠪᠠᠭ᠎ᠠ ᠰᠤᠷᠭᠠᠭᠤᠯᠢ ᠶᠢᠨ ᠡᠷᠲᠡ ᠣᠷᠣᠢ ᠶᠢᠨ ᠳᠠᠪᠲᠠᠯᠭ᠎ᠠ ᠶᠢᠨ ᠵᠠᠷᠤᠳᠠᠯ ᠣᠯᠭᠤᠬᠤ ᠪᠠᠷᠢᠮᠵᠢᠶ᠎ᠠ᠂ ᠵᠠᠷᠤᠳᠠᠯ ᠤᠨ ᠪᠠᠲᠤᠯᠠᠭ᠎ᠠ ᠪᠣᠯᠤᠨ ᠬᠠᠮᠢᠶᠠᠷᠤᠯᠲᠠ ᠶᠢᠨ ᠠᠷᠭ᠎ᠠ ᠶᠢ ᠲᠣᠰ ᠬᠡᠷᠡᠭᠵᠢᠭᠦᠯᠬᠦ ᠰᠠᠨᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号