ᠬᠥᠬᠡᠬᠤᠲᠠ ᠵᠠᠰᠠᠭ ᠠᠯᠪᠠᠨ ᠦᠰᠦᠭ ﹇2019﹈ 116 ᠳ᠋ᠤᠭᠠᠷ ᠲᠣᠭᠠᠲᠤ | 2019 ᠣᠨ ᠤ 8 ᠳ᠋ᠤᠭᠠᠷ ᠰᠠᠷ᠎ᠠ ᠶᠢᠨ 22 ᠤᠨ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ | ᠄ | ︽ᠬᠥᠬᠡᠬᠤᠲᠠ ᠶᠢᠨ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ | ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠢ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠲᠦᠭᠡᠢ᠃ | | ᠬᠥᠬᠡᠬᠤᠲᠠ ᠶᠢᠨ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ | ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ ︽ᠬᠡᠰᠡᠭ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠯ︾ ︵ | ᠲᠢᠩᠬᠢᠮ ᠦᠰᠦᠭ ﹇2019﹈ 3 ᠳ᠋ᠤᠭᠠᠷ ᠲᠣᠭᠠᠲᠤ︶ ᠪᠠ ︽ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2019﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ | ᠶᠣᠰᠣᠭᠠᠷ᠂ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠦᠨᠳᠦᠰᠦᠨ ᠨᠠᠰᠤᠵᠢᠯ ᠤᠨ | ᠠᠰᠠᠷᠠᠮᠵᠢ᠂ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠴᠠᠭ ᠲᠤᠬᠠᠢ ᠳᠠᠭᠠᠨ ᠣᠷᠣᠯᠴᠠᠭᠰᠠᠨ ᠥᠬᠡᠶ ᠪᠤᠶᠤ | ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠰᠦᠢᠳᠬᠡᠯ ᠲᠤᠰᠢᠶᠠᠬᠤ ᠪᠠᠨ ᠲᠠᠰᠤᠯᠳᠠᠭᠤᠯᠵᠤ᠂ ᠨᠠᠰᠤᠵᠢᠯ ᠤᠨ | ᠠᠰᠠᠷᠠᠮᠵᠢ᠂ ᠡᠮᠴᠢᠯᠡᠭᠡ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠬᠦ ᠳᠤ ᠬᠦᠴᠢᠷᠳᠡᠯ ᠲᠤᠯᠭᠠᠷᠠᠭᠰᠠᠨ ᠵᠡᠷᠭᠡ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠬᠤᠪᠢ | ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ | ᠳᠣᠣᠷᠠᠬᠢ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠂ ᠳᠦᠷᠢᠮ | ᠲᠣᠭᠲᠠᠭᠠᠯ ᠤᠨ ᠳᠠᠯᠳᠠ ᠬᠦᠴᠦᠨ ᠢ ᠭᠦᠨ ᠠᠭᠤᠳᠠᠯᠵᠤ᠂ ᠳᠦᠷᠢᠮ ᠲᠣᠭᠲᠠᠭᠠᠯ ᠤᠨ ᠬᠡᠪᠴᠢᠶᠡᠨ ᠳᠤ ᠥᠷᠭᠡᠨ | ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠬᠠᠮᠤᠭ ᠠᠴᠠ ᠰᠠᠨᠠᠭᠠᠰᠢᠷᠠᠳᠠᠭ ᠬᠠᠮᠤᠭ ᠤᠨ | ᠰᠢᠭᠤᠳ ᠬᠤᠯᠪᠣᠭ᠎ᠠ ᠲᠠᠢ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠠᠤᠯᠢ ᠶᠣᠰᠣᠭᠠᠷ ᠵᠦᠢ | ᠵᠣᠬᠢᠰᠲᠠᠢ ᠰᠢᠢᠳᠪᠦᠷᠢᠯᠡᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠬᠤ ᠪᠠ ᠵᠠᠯᠭᠠᠭᠤᠯᠬᠤ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ | ᠲᠡᠳᠡᠨ ᠤ ᠨᠠᠰᠤᠨ ᠤ ᠠᠮᠠᠷᠠᠯᠲᠠ ᠪᠠᠨ ᠠᠪᠤᠭᠰᠠᠨ ᠤ ᠳᠠᠷᠠᠭ᠎ᠠ ᠬᠠᠮᠢᠶ᠎ᠠ ᠪᠦᠬᠦᠢ ᠬᠠᠷᠠᠭᠠᠯᠵᠠᠯ ᠢᠶᠠᠨ ᠬᠦᠷᠲᠡᠵᠦ᠂ ᠠᠵᠤ | ᠠᠬᠤᠢ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠤᠪᠢᠶᠠᠯᠴᠠᠬᠤ ᠶᠢ ᠪᠠᠲᠤᠯᠠᠵᠤ᠂ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠢ ᠦᠨᠡᠨᠬᠦ ᠮᠡᠳᠡᠷᠡᠭᠦᠯᠬᠦ ᠬᠡᠷᠡᠭᠲᠡᠢ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠮᠠᠨ ᠤ ᠬᠤᠲᠠ ᠶᠢᠨ 2019 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠮᠦᠨ᠎ᠡ ᠬᠦᠯᠢᠶᠡᠨ | ᠠᠪᠤᠭᠰᠠᠨ ᠵᠠᠰᠠᠭ ᠤᠨ ᠣᠷᠳᠣᠨ ᠠᠴᠠ ᠠᠵᠢᠯ ᠣᠯᠭᠤᠬᠤ ᠬᠡᠯᠪᠡᠷᠢ ᠪᠠᠷ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ 2019 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠮᠦᠨ᠎ᠡ ᠪᠣᠯᠣᠭᠰᠠᠨ ᠦᠨᠳᠦᠰᠦᠨ | ᠨᠠᠰᠤᠵᠢᠯ ᠤᠨ ᠠᠰᠠᠷᠠᠮᠵᠢ ᠪᠣᠯᠣᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠪᠤᠶᠤ | ᠰᠦᠢᠳᠬᠡᠯ ᠲᠤᠰᠢᠶᠠᠬᠤ ᠪᠠᠨ ᠲᠠᠰᠤᠯᠳᠠᠭᠤᠯᠤᠭᠰᠠᠨ ᠠᠰᠠᠭᠤᠳᠠᠯ ᠳᠣᠣᠷᠠᠬᠢ ᠲᠥᠷᠥ ᠶᠢᠨ ᠪᠣᠳᠣᠯᠭ᠎ᠠ ᠳᠤ ᠲᠣᠬᠢᠷᠠᠨ᠎ᠠ᠃ | | ︵ᠨᠢᠭᠡ︶ ᠳᠠᠭᠠᠳᠬᠠᠯ ᠳᠤ ᠣᠷᠣᠯᠴᠠᠬᠤ ᠪᠠ ᠨᠥᠬᠦᠨ ᠲᠤᠰᠢᠶᠠᠵᠤ ᠪᠣᠯᠣᠨ᠎ᠠ | ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠦᠭᠡᠢ ᠨᠢ ᠳᠠᠭᠠᠳᠬᠠᠯ ᠳᠤ ᠣᠷᠣᠯᠴᠠᠵᠤ ᠪᠣᠯᠣᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠴᠡᠷᠢᠭ ᠲᠤ ᠡᠯᠰᠡᠭᠳᠡᠬᠦ ᠦᠶ᠎ᠡ ᠳᠡᠭᠡᠨ ᠬᠤᠲᠠ ᠪᠠᠯᠭᠠᠰᠤ ᠶᠢᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠭᠰᠠᠨ ᠦᠭᠡᠢ ᠶᠢ ᠴᠡᠷᠢᠭ ᠲᠤ ᠡᠯᠰᠡᠭᠳᠡᠭᠰᠡᠨ ᠴᠠᠭ ᠢ ᠳᠠᠭᠠᠳᠬᠠᠯ ᠳᠤ ᠠᠩᠬ᠎ᠠ ᠣᠷᠣᠯᠴᠠᠭᠰᠠᠨ ᠴᠠᠭ ᠢᠶᠠᠷ | ᠪᠣᠳᠣᠨ᠎ᠠ︔ 2012 ᠣᠨ ᠤ 7 ᠳ᠋ᠤᠭᠠᠷ ᠰᠠᠷ᠎ᠠ ᠶᠢᠨ 1 ᠤ ᠡᠳᠦᠷ ᠤᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠡᠷᠢᠭ ᠤᠨ ᠳᠠᠭᠠᠳᠬᠠᠯ ᠤᠨ ᠬᠠᠤᠯᠢ︾ ᠬᠡᠷᠡᠭᠵᠢᠭᠦᠯᠦᠭᠳᠡᠬᠦ ᠠᠴᠠ ᠡᠮᠦᠨ᠎ᠡ ᠴᠡᠷᠢᠭ ᠤᠨ | ᠠᠯᠪᠠ ᠠᠴᠠ ᠬᠠᠯᠠᠭᠳᠠᠭᠰᠠᠨ ᠢ ᠴᠡᠷᠢᠭ ᠤᠨ ᠨᠠᠰᠤ ᠶᠢ ᠦᠨᠳᠦᠰᠦᠨ ᠨᠠᠰᠤᠵᠢᠯ ᠤᠨ ᠳᠠᠭᠠᠳᠬᠠᠯ᠂ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠤᠨ ᠲᠤᠭ᠎ᠠ ᠪᠠᠷ ᠪᠣᠳᠣᠨ᠎ᠠ︔ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠳᠠᠭᠠᠳᠬᠠᠯ ᠤᠨ ᠬᠠᠤᠯᠢ︾ ᠬᠡᠷᠡᠭᠵᠢᠭᠦᠯᠦᠭᠳᠡᠭᠰᠡᠨ ᠤ | ᠳᠠᠷᠠᠭ᠎ᠠ ᠴᠡᠷᠢᠭ ᠤᠨ ᠠᠯᠪᠠ ᠠᠴᠠ ᠬᠠᠯᠠᠭᠳᠠᠵᠤ᠂ ᠤᠯᠤᠰ ᠠᠴᠠ ᠴᠡᠷᠢᠭ ᠤᠨ ᠠᠯᠪᠠ ᠠᠴᠠ ᠬᠠᠯᠠᠭᠳᠠᠭᠰᠠᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠣᠯᠭᠤᠭᠰᠠᠨ ᠢ ᠴᠡᠷᠢᠭ ᠤᠨ ᠨᠠᠰᠤ ᠪᠣᠯᠣᠨ | ᠦᠨᠳᠦᠰᠦᠨ ᠨᠠᠰᠤᠵᠢᠯ ᠤᠨ ᠳᠠᠭᠠᠳᠬᠠᠯ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ | ᠬᠤᠭᠤᠴᠠᠭ᠎ᠠ ᠶᠢ ᠨᠡᠮᠡᠵᠦ ᠪᠣᠳᠣᠨ᠎ᠠ᠃ | ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠰᠦᠢᠳᠬᠡᠯ ᠲᠤᠰᠢᠶᠠᠬᠤ ᠪᠠᠨ ᠲᠠᠰᠤᠯᠳᠠᠭᠤᠯᠤᠭᠰᠠᠨ ᠨᠢ ᠨᠥᠬᠦᠨ | ᠲᠤᠰᠢᠶᠠᠵᠤ ᠪᠣᠯᠣᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠵᠤ ᠳᠠᠭᠠᠳᠬᠠᠯ ᠤᠨ ᠰᠦᠢᠳᠬᠡᠯ ᠢ ᠥᠷᠢᠲᠦᠭᠰᠡᠨ᠂ ᠲᠠᠰᠤᠯᠳᠠᠭᠤᠯᠤᠭᠰᠠᠨ ᠨᠢ ᠬᠤᠪᠢ | ᠬᠥᠮᠥᠨ ᠤ ᠴᠡᠷᠢᠭ ᠤᠨ ᠨᠠᠰᠤ ᠶᠢ ᠬᠡᠲᠦᠷᠡᠭᠦᠯᠬᠦ ᠦᠭᠡᠢ ᠬᠤᠭᠤᠴᠠᠭ᠎ᠠ ᠪᠠᠷ ᠨᠥᠬᠦᠨ ᠲᠤᠰᠢᠶᠠᠵᠤ ᠪᠣᠯᠣᠨ᠎ᠠ᠂ ᠨᠥᠬᠦᠨ | ᠲᠤᠰᠢᠶᠠᠬᠤ ᠳᠤ ᠬᠤᠭᠤᠴᠠᠭ᠎ᠠ ᠬᠡᠲᠦᠷᠡᠭᠰᠡᠨ ᠲᠣᠷᠭᠠᠭᠤᠯᠢ ᠶᠢᠨ ᠮᠥᠩᠭᠦ ᠠᠪᠬᠤ ᠦᠭᠡᠢ᠃ ᠬᠠᠤᠯᠢ ᠳᠤ | ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ ᠨᠠᠰᠤ ᠬᠦᠷᠴᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ | ᠨᠡᠶᠢᠲᠡ ᠲᠤᠰᠢᠶᠠᠭᠰᠠᠨ ᠵᠢᠯ ᠤᠨ ᠲᠤᠭ᠎ᠠ ︵ᠴᠡᠷᠢᠭ ᠤᠨ ᠨᠠᠰᠤ ᠶᠢ ᠪᠠᠭᠲᠠᠭᠠᠨ᠎ᠠ︶ ᠤᠯᠤᠰ ᠤᠨ ᠲᠣᠭᠲᠠᠭᠠᠯ ᠳᠤ | ᠲᠣᠭᠲᠠᠭᠠᠭᠰᠠᠨ ᠬᠠᠮᠤᠭ ᠤᠨ ᠳᠣᠣᠷ᠎ᠠ ᠲᠤᠰᠢᠶᠠᠬᠤ ᠬᠤᠭᠤᠴᠠᠭ᠎ᠠ ᠳᠤ ᠬᠦᠷᠦᠭᠰᠡᠨ ᠦᠭᠡᠢ ᠨᠢ ᠬᠠᠮᠤᠭ ᠤᠨ ᠳᠣᠣᠷ᠎ᠠ | ᠲᠤᠰᠢᠶᠠᠬᠤ ᠬᠤᠭᠤᠴᠠᠭ᠎ᠠ ᠬᠦᠷᠲᠡᠯ᠎ᠡ ᠦᠷᠭᠦᠯᠵᠢᠯᠡᠨ ᠲᠤᠰᠢᠶᠠᠵᠤ ᠪᠣᠯᠣᠨ᠎ᠠ︔ 2011 ᠣᠨ ᠤ 7 ᠳ᠋ᠤᠭᠠᠷ | ᠰᠠᠷ᠎ᠠ ᠶᠢᠨ 1 ᠤ ᠡᠳᠦᠷ ᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨᠨᠡᠶᠢᠭᠡᠮ ᠤᠨ | ᠳᠠᠭᠠᠳᠬᠠᠯ ᠤᠨ ᠬᠠᠤᠯᠢ︾ ᠬᠡᠷᠡᠭᠵᠢᠭᠦᠯᠦᠭᠳᠡᠬᠦ ᠠᠴᠠ ᠡᠮᠦᠨ᠎ᠡ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠵᠤ᠂ 5 | ᠵᠢᠯ ᠤᠷᠲᠤᠳᠬᠠᠨ ᠲᠤᠰᠢᠶᠠᠭᠠᠳ ᠪᠠᠰᠠ ᠬᠠᠮᠤᠭ ᠤᠨ ᠳᠣᠣᠷ᠎ᠠ ᠲᠤᠰᠢᠶᠠᠬᠤ ᠬᠤᠭᠤᠴᠠᠭ᠎ᠠ ᠳᠤ ᠬᠦᠷᠦᠭᠰᠡᠨ | ᠦᠭᠡᠢ ᠨᠢ ᠬᠠᠮᠤᠭ ᠤᠨ ᠳᠣᠣᠷ᠎ᠠ ᠲᠤᠰᠢᠶᠠᠬᠤ ᠬᠤᠭᠤᠴᠠᠭ᠎ᠠ ᠬᠦᠷᠲᠡᠯ᠎ᠡ ᠨᠢᠭᠡ ᠯᠡ ᠳᠣᠣᠷ᠎ᠠ ᠲᠤᠰᠢᠶᠠᠵᠤ ᠪᠣᠯᠣᠨ᠎ᠠ᠃ | ᠬᠠᠤᠯᠢ ᠳᠤ ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ ᠨᠠᠰᠤᠨ ᠳᠤ ᠬᠦᠷᠴᠦ᠂ ᠬᠤᠲᠠ ᠪᠠᠯᠭᠠᠰᠤ ᠶᠢᠨ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠡᠶᠢᠲᠡ ᠲᠤᠰᠢᠶᠠᠭᠰᠠᠨ ᠬᠤᠭᠤᠴᠠᠭ᠎ᠠ ︵ | ᠴᠡᠷᠢᠭ ᠤᠨ ᠨᠠᠰᠤ ᠶᠢ ᠪᠠᠭᠲᠠᠭᠠᠨ᠎ᠠ︶ ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠲᠣᠭᠲᠠᠭᠠᠭᠰᠠᠨ | ᠬᠤᠭᠤᠴᠠᠭ᠎ᠠ ᠳᠤ ᠬᠦᠷᠦᠭᠰᠡᠨ ᠦᠭᠡᠢ ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠲᠣᠭᠲᠠᠭᠠᠭᠰᠠᠨ | ᠬᠤᠭᠤᠴᠠᠭ᠎ᠠ ᠬᠦᠷᠲᠡᠯ᠎ᠡ ᠲᠤᠰᠢᠶᠠᠵᠤ ᠪᠣᠯᠣᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠣᠷᠣᠯᠴᠠᠭᠰᠠᠨ ᠠᠵᠢᠯ ᠠᠴᠠ ᠪᠣᠯᠣᠭᠰᠠᠨ | ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠳᠤ ᠣᠷᠣᠰᠢᠬᠤ | ᠠᠰᠠᠭᠤᠳᠠᠯ ᠢ ᠡᠯ᠎ᠡ ᠭᠠᠵᠠᠷ ᠣᠷᠣᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠨᠥᠬᠦᠨ ᠲᠤᠰᠢᠶᠠᠬᠤ ᠬᠠᠷᠢᠭᠤᠴᠠᠯᠭ᠎ᠠ ᠪᠠ ᠱᠠᠭᠠᠷᠳᠠᠯᠭ᠎ᠠ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ | ᠲᠤᠰᠢᠶᠠᠬᠤ ᠰᠦᠢᠳᠬᠡᠯ ᠢ ᠵᠠᠷᠴᠢᠮ ᠳᠡᠭᠡᠷ᠎ᠡ ᠪᠠᠨ ᠪᠠᠶᠢᠭᠤᠯᠭ᠎ᠠ ᠠᠴᠠ ᠲᠤᠰᠢᠶᠠᠬᠤ ᠬᠡᠰᠡᠭ ᠢ ᠪᠠᠶᠢᠭ᠎ᠠ | ᠪᠠᠶᠢᠭᠤᠯᠭ᠎ᠠ ᠠᠴᠠ ᠡᠭᠦᠷᠭᠡᠯᠡᠵᠦ᠂ ᠬᠤᠪᠢ ᠬᠥᠮᠥᠨ ᠤ ᠲᠤᠰᠢᠶᠠᠬᠤ ᠬᠡᠰᠡᠭ ᠢ ᠬᠤᠪᠢ ᠬᠥᠮᠥᠨ ᠥᠪᠡᠷ ᠢᠶᠠᠨ | ᠡᠭᠦᠷᠭᠡᠯᠡᠨ᠎ᠡ᠃ | ᠤᠤᠯ ᠤᠨ ᠠᠵᠢᠯ ᠣᠯᠭᠤᠭᠰᠠᠨ ᠪᠠᠶᠢᠭᠤᠯᠭ᠎ᠠ ᠨᠢᠭᠡᠴᠡ ᠨᠢ ᠨᠢᠭᠡᠨᠲᠡ ᠣᠷᠣᠰᠢᠬᠤ ᠦᠭᠡᠢ ᠪᠣᠯᠣᠭᠰᠠᠨ ᠪᠤᠶᠤ | ᠰᠦᠢᠳᠬᠡᠯ ᠢ ᠲᠤᠰᠢᠶᠠᠬᠤ ᠳᠤ ᠦᠨᠡᠨ ᠬᠦᠴᠢᠷ ᠲᠠᠢ ᠪᠣᠯ᠂ ᠤᠤᠯ ᠤᠨ ᠠᠵᠢᠯ ᠣᠯᠭᠤᠭᠰᠠᠨ ᠪᠠᠶᠢᠭᠤᠯᠭ᠎ᠠ | ᠨᠢᠭᠡᠴᠡ ᠶᠢᠨ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠨᠥᠬᠦᠨ | ᠲᠤᠰᠢᠶᠠᠨ᠎ᠠ︔ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠣᠷᠣᠰᠢᠬᠤ ᠦᠭᠡᠢ ᠪᠣᠯᠣᠭᠰᠠᠨ | ᠪᠤᠶᠤ ᠲᠤᠰᠢᠶᠠᠬᠤ ᠴᠢᠳᠠᠯ ᠦᠭᠡᠢ ᠪᠣᠯ᠂ ᠠᠵᠢᠯ ᠣᠯᠭᠤᠭᠰᠠᠨ ᠭᠠᠵᠠᠷ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠪᠡᠯᠡ | ᠮᠥᠩᠭᠦ ᠶᠢ ᠭᠤᠶᠤᠴᠢᠯᠠᠵᠤ ᠰᠢᠢᠳᠪᠦᠷᠢᠯᠡᠨ᠎ᠡ᠃ ᠵᠠᠰᠠᠭ ᠤᠨ ᠣᠷᠳᠣᠨ ᠠᠴᠠ ᠨᠥᠬᠦᠨ ᠲᠤᠰᠢᠶᠠᠬᠤ ᠬᠤᠭᠤᠴᠠᠭ᠎ᠠ ᠨᠢ | ᠲᠤᠰ ᠬᠥᠮᠥᠨ ᠤ ᠴᠡᠷᠢᠭ ᠤᠨ ᠨᠠᠰᠤ ᠠᠴᠠ ᠬᠡᠲᠦᠷᠡᠵᠦ ᠪᠣᠯᠬᠤ ᠦᠭᠡᠢ᠃ ᠳᠡᠭᠡᠷᠡᠬᠢ ᠪᠠᠶᠢᠭᠤᠯᠭ᠎ᠠ ᠨᠢᠭᠡᠴᠡ ᠶᠢᠨ | ᠲᠤᠰᠢᠶᠠᠭᠰᠠᠨ ᠡᠳ᠋ ᠤᠨ ᠵᠠᠰᠠᠭ ᠤᠨ ᠨᠥᠬᠦᠪᠦᠷᠢ ᠶᠢᠨ ᠬᠡᠰᠡᠭ ᠢ ᠱᠠᠭᠠᠷᠳᠠᠯᠭ᠎ᠠ ᠶᠢ ᠦᠨᠳᠦᠰᠦᠯᠡᠨ᠂ ᠲᠥᠪ ᠤᠨ | ᠡᠳ᠋ ᠤᠨ ᠵᠠᠰᠠᠭ ᠤᠨ ᠨᠥᠬᠦᠪᠦᠷᠢ ᠶᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠪᠠ | ᠬᠦᠯᠢᠶᠡᠨ ᠠᠪᠴᠤ ᠠᠵᠢᠯ ᠣᠯᠭᠤᠬᠤ ᠡᠭᠦᠷᠭᠡ ᠶᠢ ᠳᠠᠭᠠᠭᠠᠴᠢᠯᠠᠭᠰᠠᠨ ᠬᠤᠰᠢᠭᠤ ᠰᠢᠶᠠᠨ ᠲᠣᠭᠤᠷᠢᠭ ᠬᠠᠷᠢᠴᠠᠯ | ᠶᠣᠰᠣᠭᠠᠷ ᠲᠤᠰ ᠲᠤᠰ ᠡᠭᠦᠷᠭᠡᠯᠡᠨ᠎ᠡ ︵ᠪᠣᠳᠠᠲᠠᠢ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ | ᠶᠣᠰᠣᠭᠠᠷ ᠲᠣᠭᠲᠠᠭᠠᠨ᠎ᠠ︶᠃ | ᠤᠤᠯ ᠤᠨ ᠠᠵᠢᠯ ᠣᠯᠭᠤᠭᠰᠠᠨ ᠪᠠᠶᠢᠭᠤᠯᠭ᠎ᠠ ᠨᠢᠭᠡᠴᠡ ᠪᠤᠶᠤ ᠲᠡᠭᠦᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠨᠢ ᠣᠷᠣᠰᠢᠬᠤ ᠦᠭᠡᠢ ᠪᠣᠯᠣᠭᠰᠠᠨ ᠪᠤᠶᠤ ᠰᠦᠢᠳᠬᠡᠯ ᠲᠤᠰᠢᠶᠠᠬᠤ ᠳᠤ ᠦᠨᠡᠨ ᠬᠦᠴᠢᠷ ᠲᠠᠢ ᠶᠢᠨ ᠵᠠᠭᠠᠭ | ᠱᠤᠭᠤᠮ ᠢ ᠬᠠᠷᠠᠭᠠᠯᠵᠠᠭᠰᠠᠨ ᠲᠡᠰ ᠤᠨ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ ᠲᠣᠭᠲᠠᠭᠠᠨ᠎ᠠ᠃ | ᠬᠤᠪᠢ ᠬᠥᠮᠥᠨ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ | ᠬᠦᠴᠢᠷᠳᠡᠯᠲᠡᠢ ᠬᠥᠮᠥᠨ ᠪᠣᠯ ᠠᠵᠢᠯ ᠣᠯᠭᠤᠭᠰᠠᠨ ᠭᠠᠵᠠᠷ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠪᠤᠶᠤ ᠤᠤᠯ ᠤᠨ ᠠᠵᠢᠯ ᠣᠯᠭᠤᠭᠰᠠᠨ ᠪᠠᠶᠢᠭᠤᠯᠭ᠎ᠠ ᠨᠢᠭᠡᠴᠡ ︵ᠪᠤᠶᠤ ᠲᠡᠭᠦᠨ ᠤ ᠳᠡᠭᠡᠳᠦ | ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ︶ ᠠᠴᠠ ᠬᠤᠪᠢ ᠬᠥᠮᠥᠨ ᠤ ᠲᠤᠰᠢᠶᠠᠬᠤ ᠬᠡᠰᠡᠭ ᠢ ᠤᠷᠢᠳᠠᠪᠠᠷ | ᠣᠷᠣᠯᠠᠨ ᠲᠤᠰᠢᠶᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠢ ᠪᠠᠶᠢᠳᠠᠯ ᠳᠤ ᠲᠠᠭᠠᠷᠠᠭᠤᠯᠤᠨ | ᠱᠠᠭᠠᠷᠳᠠᠭᠳᠠᠬᠤ ᠪᠡᠯᠡ ᠮᠥᠩᠭᠦ ᠶᠢ ᠬᠠᠷᠠᠭᠠᠯᠵᠠᠭᠰᠠᠨ ᠰᠠᠯᠠᠭ᠎ᠠ ᠮᠥᠴᠢᠷ ᠲᠤ ᠪᠠᠭᠤᠯᠭᠠᠨ᠎ᠠ᠃ ᠦᠨᠳᠦᠰᠦᠨ | ᠨᠠᠰᠤᠵᠢᠯ ᠤᠨ ᠳᠠᠭᠠᠳᠬᠠᠯ ᠢ ᠨᠥᠬᠦᠨ ᠲᠤᠰᠢᠶᠠᠬᠤ ᠪᠠᠷ ᠭᠤᠶᠤᠴᠢᠯᠠᠭᠰᠠᠨ ᠴᠠᠭ ᠢᠶᠠᠷ᠂ ᠦᠨᠳᠦᠰᠦᠨ ᠡᠮᠴᠢᠯᠡᠭᠡ ᠶᠢᠨ | ᠳᠠᠭᠠᠳᠬᠠᠯ ᠢ ᠪᠣᠳᠠᠲᠠᠢ ᠨᠥᠬᠦᠨ ᠲᠤᠰᠢᠶᠠᠭᠰᠠᠨ ᠴᠠᠭ ᠢᠶᠠᠷ ᠪᠠᠷᠢᠮᠵᠢᠶᠠᠯᠠᠵᠤ᠂ ᠡᠷᠦᠬᠡ ᠠᠮᠠ ᠶᠢᠨ ᠪᠠᠶᠢᠭ᠎ᠠ | ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠡᠭᠦᠨ ᠤ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠡᠲᠡᠭᠡᠳ ᠪᠤᠶᠤ ᠣᠨᠴᠠ ᠬᠦᠴᠢᠷᠳᠡᠯᠲᠡᠢ ᠬᠥᠮᠥᠨ ᠡᠰᠡᠬᠦ ᠶᠢ ᠦᠨᠡᠯᠡᠨ ᠲᠣᠭᠲᠠᠭᠠᠨ᠎ᠠ᠃ | ︵ᠭᠤᠷᠪᠠ︶ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠪᠠ ᠬᠠᠷᠢᠴᠠᠯ | ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠃ ᠰᠦᠢᠳᠬᠡᠯ | ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠠᠵᠢᠯ ᠣᠯᠭᠤᠭᠰᠠᠨ ᠭᠠᠵᠠᠷ ᠠᠴᠠ ᠨᠥᠬᠦᠵᠦ ᠲᠤᠰᠢᠶᠠᠭᠰᠠᠨ | ᠴᠠᠭ ᠤᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% ᠪᠠᠷ ᠲᠣᠭᠲᠠᠭᠠᠵᠤ᠂ | ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠤ ᠲᠤᠰᠢᠶᠠᠬᠤ ᠬᠠᠷᠢᠴᠠᠯ ᠢ ᠠᠵᠢᠯ ᠣᠯᠭᠤᠭᠰᠠᠨ ᠭᠠᠵᠠᠷ ᠤᠨ ᠨᠥᠬᠦᠵᠦ | ᠲᠤᠰᠢᠶᠠᠭᠰᠠᠨ ᠦᠶ᠎ᠡ ᠶᠢᠨ ᠲᠣᠭᠲᠠᠭᠠᠯ ᠶᠣᠰᠣᠭᠠᠷ ᠬᠡᠷᠡᠭᠵᠢᠭᠦᠯᠵᠦ᠂ ᠬᠠᠷᠠᠭᠠᠯᠵᠠᠭᠰᠠᠨ ᠬᠤᠪᠢ ᠬᠥᠮᠥᠨ ᠤ ᠠᠰᠢᠭ | ᠲᠤᠰᠠ ᠶᠢ ᠲᠡᠮᠳᠡᠭᠯᠡᠨ᠎ᠡ᠃ | ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ᠃ ᠰᠦᠢᠳᠬᠡᠯ | ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠳᠠᠭᠠᠳᠬᠠᠯ ᠳᠤ ᠣᠷᠣᠯᠴᠠᠭᠰᠠᠨ ᠭᠠᠵᠠᠷ ᠠᠴᠠ ᠨᠥᠬᠦᠵᠦ | ᠲᠤᠰᠢᠶᠠᠭᠰᠠᠨ ᠴᠠᠭ ᠤᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% ᠪᠠᠷ | ᠲᠣᠭᠲᠠᠭᠠᠵᠤ᠂ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠤ ᠲᠤᠰᠢᠶᠠᠬᠤ ᠬᠠᠷᠢᠴᠠᠯ ᠢ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠳᠥᠷᠪᠡ︶ ᠳᠠᠭᠠᠳᠬᠠᠯ ᠳᠤ ᠣᠷᠣᠯᠴᠠᠬᠤ ᠪᠠ ᠨᠥᠬᠦᠨ ᠲᠤᠰᠢᠶᠠᠬᠤ ᠠᠯᠬᠤᠮ ᠳᠠᠷᠠᠭ᠎ᠠ | ︽ᠨᠢᠭᠡ ᠡᠭᠦᠳᠡ ᠪᠠᠷ ᠬᠦᠯᠢᠶᠡᠨ ᠠᠪᠴᠤ᠂ ᠬᠠᠮᠲᠤᠪᠠᠷ ᠭᠦᠢᠴᠡᠳᠬᠡᠬᠦ︾ ᠲᠣᠭᠲᠠᠴᠠ ᠶᠢ ᠪᠠᠶᠢᠭᠤᠯᠤᠨ᠎ᠠ᠃ | ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠤᠶᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠨᠥᠬᠦᠨ | ᠲᠤᠰᠢᠶᠠᠬᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ᠂ ᠬᠤᠪᠢ ᠬᠥᠮᠥᠨ ᠤ ᠬᠦᠴᠦᠨ ᠲᠠᠢ ᠪᠡᠶ᠎ᠡ ᠶᠢᠨ | ᠦᠨᠡᠮᠯᠡᠯ᠂ ᠴᠡᠷᠢᠭ ᠤᠨ ᠠᠯᠪᠠ ᠬᠠᠭᠠᠭᠰᠠᠨ ᠪᠣᠯᠣᠨ ᠠᠵᠢᠯ ᠣᠯᠭᠤᠭᠰᠠᠨ ᠭᠡᠷᠡᠴᠢ᠂ ᠬᠤᠪᠢ ᠬᠥᠮᠥᠨ ᠤ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ | ᠭᠤᠶᠤᠴᠢᠯᠠᠯ ᠬᠢᠵᠦ᠂ ᠭᠤᠶᠤᠴᠢᠯᠠᠯ ᠤᠨ ᠬᠦᠰᠦᠨᠦᠭᠲᠦ ᠲᠠᠭᠯᠠᠨ᠎ᠠ᠃ ᠤᠤᠯ ᠤᠨ ᠠᠵᠢᠯ ᠣᠯᠭᠤᠭᠰᠠᠨ ᠪᠠᠶᠢᠭᠤᠯᠭ᠎ᠠ | ᠨᠢ ᠪᠠᠶᠢᠪᠠᠯ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ᠂ ᠪᠡᠯᠡᠳᠬᠡᠭᠰᠡᠨ ᠮᠠᠲ᠋ᠧᠷᠢᠶᠠᠯ ᠢᠶᠠᠨ ᠤᠤᠯ ᠤᠨ | ᠠᠵᠢᠯ ᠣᠯᠭᠤᠭᠰᠠᠨ ᠪᠠᠶᠢᠭᠤᠯᠭ᠎ᠠ ᠳᠠᠭᠠᠨ ᠲᠤᠰᠢᠶᠠᠨ᠎ᠠ︔ ᠤᠤᠯ ᠤᠨ ᠠᠵᠢᠯ ᠣᠯᠭᠤᠭᠰᠠᠨ ᠪᠠᠶᠢᠭᠤᠯᠭ᠎ᠠ ᠨᠢ | ᠣᠷᠣᠰᠢᠬᠤ ᠦᠭᠡᠢ ᠪᠣᠯᠪᠠᠯ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ᠎ᠠ᠃ ᠤᠤᠯ ᠤᠨ ᠠᠵᠢᠯ | ᠣᠯᠭᠤᠭᠰᠠᠨ ᠪᠠᠶᠢᠭᠤᠯᠭ᠎ᠠ ᠪᠤᠶᠤ ᠲᠡᠭᠦᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠨᠢ ᠮᠠᠲ᠋ᠧᠷᠢᠶᠠᠯ ᠢ ᠪᠦᠷᠢᠨ | ᠬᠤᠷᠢᠶᠠᠵᠤ ᠣᠯᠣᠭᠰᠠᠨ ᠤ ᠳᠠᠷᠠᠭ᠎ᠠ᠂ ᠨᠡᠷᠡᠰ ᠤᠨ ᠪᠦᠷᠢᠳᠬᠡᠯ ᠲᠠᠢ ᠬᠠᠮᠲᠤ ᠤᠤᠯ ᠤᠨ ᠠᠵᠢᠯ ᠲᠣᠬᠢᠷᠠᠭᠤᠯᠬᠤ ᠭᠠᠷ | ᠭᠦᠢᠴᠡᠳᠬᠡᠯ ᠬᠢᠭᠰᠡᠨ ᠬᠤᠯᠪᠣᠭᠳᠠᠯ ᠪᠦᠬᠦᠢ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠰᠠᠯᠠᠭ᠎ᠠ ᠮᠥᠴᠢᠷ ︵ᠬᠤᠲᠠ ᠶᠢᠨ ᠲᠤᠰ ᠱᠠᠲᠤᠨ ᠳᠤ ᠲᠣᠬᠢᠷᠠᠭᠤᠯᠤᠭᠰᠠᠨ ᠢ ᠰᠠᠭᠤᠭ᠎ᠠ ᠭᠠᠵᠠᠷ ᠤᠨ ᠲᠣᠭᠤᠷᠢᠭ ᠤᠨ | ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠭᠦᠢᠴᠡᠳᠬᠡᠨ᠎ᠡ︶ ᠲᠤ | ᠲᠤᠰᠢᠶᠠᠨ᠎ᠠ᠃ ᠬᠤᠲᠠ ᠶᠢᠨ ᠲᠤᠰ ᠱᠠᠲᠤᠨ ᠠᠴᠠ ᠠᠵᠢᠯ ᠲᠣᠬᠢᠷᠠᠭᠤᠯᠤᠭᠰᠠᠨ ᠪᠤᠰᠤᠳ ᠪᠠᠶᠢᠳᠠᠯ ᠲᠠᠢ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢ ᠨᠢ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠡᠷᠦᠬᠡ ᠠᠮᠠ ᠪᠠᠶᠢᠭ᠎ᠠ | ᠭᠠᠵᠠᠷ ᠤᠨ ᠲᠣᠭᠤᠷᠢᠭ ᠤᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠲᠣᠭᠲᠠᠭᠠᠭᠰᠠᠨ ᠭᠦᠢᠴᠡᠳᠬᠡᠬᠦ ᠭᠠᠵᠠᠷ ᠬᠦᠷᠴᠦ ᠨᠥᠬᠦᠨ ᠲᠤᠰᠢᠶᠠᠬᠤ ᠭᠤᠶᠤᠴᠢᠯᠠᠯ ᠢᠶᠠᠨ | ᠲᠤᠰᠢᠶᠠᠨ᠎ᠠ︔ ᠬᠤᠰᠢᠭᠤ ᠰᠢᠶᠠᠨ ᠲᠣᠭᠤᠷᠢᠭ ᠠᠴᠠ ᠠᠵᠢᠯ ᠲᠣᠬᠢᠷᠠᠭᠤᠯᠤᠭᠰᠠᠨ ᠨᠢ᠂ ᠬᠠᠮᠢᠶ᠎ᠠ ᠪᠦᠬᠦᠢ | ᠮᠠᠲ᠋ᠧᠷᠢᠶᠠᠯ ᠢᠶᠠᠨ ᠠᠪᠴᠤ ᠤᠤᠯ ᠤᠨ ᠠᠵᠢᠯ ᠲᠣᠬᠢᠷᠠᠭᠤᠯᠬᠤ ᠭᠠᠷ ᠭᠦᠢᠴᠡᠳᠬᠡᠯ ᠬᠢᠭᠰᠡᠨ ᠬᠤᠰᠢᠭᠤ ᠰᠢᠶᠠᠨ | ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠲᠣᠭᠲᠠᠭᠠᠭᠰᠠᠨ | ᠭᠦᠢᠴᠡᠳᠬᠡᠬᠦ ᠭᠠᠵᠠᠷ ᠬᠦᠷᠴᠦ ᠨᠥᠬᠦᠨ ᠲᠤᠰᠢᠶᠠᠬᠤ ᠭᠤᠶᠤᠴᠢᠯᠠᠯ ᠢᠶᠠᠨ ᠲᠤᠰᠢᠶᠠᠨ᠎ᠠ᠃ ᠡᠯ᠎ᠡ ᠭᠦᠢᠴᠡᠳᠬᠡᠬᠦ ᠭᠠᠵᠠᠷ | ᠬᠡᠰᠡᠭ ᠪᠦᠯᠦᠭ ᠢᠶᠠᠷ ᠬᠤᠭᠤᠴᠠᠭ᠎ᠠ ᠬᠤᠪᠢᠶᠠᠨ ᠬᠠᠷᠢᠶᠠᠯᠠᠬᠤ ᠬᠤᠰᠢᠭᠤ ᠰᠢᠶᠠᠨ ᠲᠣᠭᠤᠷᠢᠭ ᠤᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠲᠣᠪᠴᠢᠶ᠎ᠠ ᠳᠤ ᠲᠤᠰᠢᠶᠠᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠭᠤᠶᠤᠴᠢᠯᠠᠯ ᠬᠢᠬᠦ ᠬᠤᠭᠤᠴᠠᠭ᠎ᠠ ᠶᠢ 2019 | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠢᠵᠠᠭᠠᠷᠯᠠᠵᠤ᠂ ᠡᠭᠦᠨ ᠠᠴᠠ ᠰᠡᠭᠦᠯᠡᠷ ᠰᠢᠨ᠎ᠡ ᠪᠠᠷ | ᠭᠤᠶᠤᠴᠢᠯᠠᠬᠤ ᠶᠢ ᠲᠠᠬᠢᠨ ᠬᠦᠯᠢᠶᠡᠨ ᠠᠪᠬᠤ ᠦᠭᠡᠢ᠃ | ᠠᠵᠢᠯ ᠣᠯᠣᠭᠰᠠᠨ ᠭᠠᠵᠠᠷ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ | ᠮᠥᠴᠢᠷ ︵ᠬᠤᠲᠠ ᠶᠢᠨ ᠲᠤᠰ ᠱᠠᠲᠤᠨ ᠠᠴᠠ ᠠᠵᠢᠯ ᠲᠣᠬᠢᠷᠠᠭᠤᠯᠤᠭᠰᠠᠨ ᠢ ᠬᠤᠲᠠ ᠶᠢᠨ ᠳᠥᠷᠪᠡᠨ ᠲᠣᠭᠤᠷᠢᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ ᠠᠴᠠ | ᠭᠤᠶᠤᠴᠢᠯᠠᠭᠴᠢ ᠶᠢᠨ ᠴᠡᠷᠢᠭ ᠤᠨ ᠠᠯᠪᠠ ᠬᠠᠭᠠᠭᠰᠠᠨ ᠥᠩᠭᠡᠷᠡᠯᠲᠡ ᠪᠠ ᠬᠠᠯᠠᠭᠳᠠᠭᠰᠠᠨ ᠬᠡᠯᠪᠡᠷᠢ ᠶᠢ ᠬᠢᠨᠠᠨ | ᠬᠠᠷᠭᠤᠭᠤᠯᠵᠤ ᠠᠰᠠᠭᠤᠳᠠᠯ ᠦᠭᠡᠢ ᠪᠣᠯ ᠭᠤᠶᠤᠴᠢᠯᠠᠯ ᠤᠨ ᠬᠦᠰᠦᠨᠦᠭᠲᠦ ᠶᠢ ᠠᠳᠠᠯᠢ ᠱᠠᠲᠤᠨ ᠤ ᠨᠠᠰᠤᠵᠢᠯ ᠤᠨ | ᠠᠰᠠᠷᠠᠮᠵᠢ᠂ ᠡᠮᠴᠢᠯᠡᠭᠡ ᠶᠢᠨ ᠳᠠᠭᠠᠳᠬᠠᠯ ᠤᠨ ᠭᠦᠢᠴᠡᠳᠬᠡᠬᠦ ᠪᠠᠶᠢᠭᠤᠯᠤᠮᠵᠢ ᠳᠤ ᠲᠤᠰ ᠲᠤᠰ ᠲᠤᠰᠢᠶᠠᠨ᠂ | ᠲᠠᠰᠤᠯᠳᠠᠭᠤᠯᠤᠭᠰᠠᠨ ᠴᠠᠭ ᠢ ᠲᠣᠭᠲᠠᠭᠠᠯᠭᠠᠵᠤ᠂ ᠪᠠᠶᠢᠭᠤᠯᠭ᠎ᠠ ᠪᠠ ᠬᠤᠪᠢ ᠬᠥᠮᠥᠨ ᠤ ᠨᠥᠬᠦᠨ ᠲᠤᠰᠢᠶᠠᠬᠤ | ᠴᠢᠬᠤᠯᠠᠲᠠᠢ ᠵᠣᠭᠤᠰ ᠢ ᠪᠣᠳᠣᠭᠤᠯᠤᠭᠰᠠᠨ ᠤ ᠳᠠᠷᠠᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠬᠠᠷᠢᠭᠤ ᠮᠡᠳᠡᠭᠳᠡᠨ᠎ᠡ᠃ ᠬᠡᠮᠵᠢᠨ ᠪᠣᠳᠣᠵᠤ ᠪᠦᠷᠢᠳᠬᠡᠬᠦ ᠠᠵᠢᠯ ᠳᠠᠭᠤᠰᠤᠭᠰᠠᠨ ᠤ ᠳᠠᠷᠠᠭ᠎ᠠ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠤᠤᠯ ᠤᠨ ᠠᠵᠢᠯ | ᠣᠯᠭᠤᠭᠰᠠᠨ ᠪᠠᠶᠢᠭᠤᠯᠭ᠎ᠠ ︵ᠡᠰᠡᠬᠦᠯ᠎ᠡ ᠲᠡᠭᠦᠨ ᠤ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ︶ | ᠠᠴᠠ ᠨᠥᠬᠦᠨ ᠲᠤᠰᠢᠶᠠᠬᠤ ᠭᠠᠷ ᠭᠦᠢᠴᠡᠳᠬᠡᠯ ᠢ ᠡᠬᠢᠯᠡᠨ ᠭᠦᠢᠴᠡᠳᠬᠡᠨ᠎ᠡ᠃ | ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠲᠤᠰ ᠭᠠᠵᠠᠷ ᠤᠨ ᠨᠠᠰᠤᠵᠢᠯ ᠤᠨ ᠠᠰᠠᠷᠠᠮᠵᠢ᠂ ᠡᠮᠴᠢᠯᠡᠭᠡ ᠶᠢᠨ ᠳᠠᠭᠠᠳᠬᠠᠯ ᠤᠨ ᠭᠦᠢᠴᠡᠳᠬᠡᠬᠦ ᠪᠠᠶᠢᠭᠤᠯᠤᠮᠵᠢ ᠳᠤ | ᠬᠦᠷᠴᠦ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠢ ᠳᠠᠩᠰᠠᠯᠠᠨ ᠲᠡᠮᠳᠡᠭᠯᠡᠭᠦᠯᠵᠦ᠂ ᠲᠤᠰ ᠳᠠᠭᠠᠳᠬᠠᠯ ᠳᠤ | ᠣᠷᠣᠯᠴᠠᠭᠰᠠᠨ ᠪᠠᠶᠢᠭᠤᠯᠭ᠎ᠠ ᠨᠢ ᠵᠥᠪᠬᠡᠨ ᠡᠨᠡ ᠬᠦ ᠨᠥᠬᠦᠨ ᠲᠤᠰᠢᠶᠠᠬᠤ ᠠᠵᠢᠯ ᠢ ᠬᠠᠷᠢᠭᠤᠴᠠᠨ᠎ᠠ᠃ ᠨᠥᠬᠦᠨ | ᠲᠤᠰᠢᠶᠠᠵᠤ ᠪᠠᠷᠠᠭᠰᠠᠨ ᠤ ᠳᠠᠷᠠᠭ᠎ᠠ᠂ ᠴᠠᠭ ᠳᠠᠷᠤᠢ ᠳᠤᠨᠢ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠥᠭᠭᠦᠭᠰᠡᠨ ᠪᠤᠶᠤ | ᠲᠠᠰᠤᠯᠳᠠᠭᠤᠯᠤᠭᠰᠠᠨ ᠢ ᠨᠥᠬᠦᠨ ᠲᠤᠰᠢᠶᠠᠭᠰᠠᠨ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠢ᠃ | ᠳᠠᠭᠠᠳᠬᠠᠯ ᠳᠤ ᠣᠷᠣᠯᠴᠠᠬᠤ ᠪᠠ ᠨᠥᠬᠦᠨ ᠲᠤᠰᠢᠶᠠᠬᠤ ᠪᠣᠳᠠᠲᠠᠢ ᠶᠠᠪᠤᠴᠠ ᠶᠢ ᠥᠪᠡᠷᠲᠡᠭᠡᠨ ᠵᠠᠰᠠᠬᠤ | ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠶᠠᠪᠤᠭᠤᠯᠤᠭᠰᠠᠨ ︽ᠭᠦᠢᠴᠡᠳᠬᠡᠬᠦ ᠵᠦᠭᠯᠡᠭᠦᠷ︾ ᠢᠶᠠᠷ ᠪᠠᠷᠢᠮᠵᠢᠶᠠᠯᠠᠨ | ᠬᠡᠷᠡᠭᠵᠢᠭᠦᠯᠦᠨ᠎ᠡ᠃ | ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠤᠶᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠥᠬᠦᠨ | ᠲᠤᠰᠢᠶᠠᠬᠤ ᠴᠢᠬᠤᠯᠠ ᠲᠠᠢ ᠪᠣᠯᠪᠠᠴᠤ᠂ ᠬᠤᠪᠢ ᠬᠥᠮᠥᠨ ᠠᠴᠠ ᠭᠤᠶᠤᠴᠢᠯᠠᠯ ᠬᠢᠭᠰᠡᠨ ᠦᠭᠡᠢ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠤᠭᠯᠠᠭᠤᠯᠤᠭᠰᠠᠨ ᠮᠡᠳᠡᠭᠡ ᠵᠠᠩᠭᠢ ᠶᠢᠨ ᠪᠠᠶᠢᠳᠠᠯ ᠢᠶᠠᠨ | ᠦᠨᠳᠦᠰᠦᠯᠡᠨ ᠭᠤᠶᠤᠴᠢᠯᠠᠯ ᠬᠢᠭᠰᠡᠨ ᠦᠭᠡᠢ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠳᠤ | ᠤᠲᠠᠰᠤ ᠪᠠᠷ ᠮᠡᠳᠡᠭᠳᠡᠬᠦ ᠬᠡᠷᠡᠭᠲᠡᠢ᠃ | ︵ᠲᠠᠪᠤ︶ ᠨᠥᠬᠦᠨ ᠲᠤᠰᠢᠶᠠᠬᠤ ᠴᠠᠭ | ᠦᠨᠳᠦᠰᠦᠨ ᠨᠠᠰᠤᠵᠢᠯ ᠤᠨ ᠳᠠᠭᠠᠳᠬᠠᠯ ᠢ ᠨᠥᠬᠦᠨ ᠲᠤᠰᠢᠶᠠᠬᠤ ᠳᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢ ᠠᠴᠠ ᠭᠤᠶᠤᠴᠢᠯᠠᠭᠰᠠᠨ ᠢ ᠠᠯᠬᠤᠮ ᠳᠠᠷᠠᠭ᠎ᠠ ᠶᠣᠰᠣᠭᠠᠷ ᠴᠠᠭ ᠲᠤᠬᠠᠢ ᠳᠤᠨᠢ ᠬᠢᠨᠠᠨ | ᠵᠥᠪᠰᠢᠶᠡᠷᠡᠨ᠎ᠡ᠃ ᠦᠨᠳᠦᠰᠦᠨ ᠡᠮᠴᠢᠯᠡᠭᠡ ᠶᠢᠨ ᠳᠠᠭᠠᠳᠬᠠᠯ ᠢ ᠨᠥᠬᠦᠨ ᠲᠤᠰᠢᠶᠠᠬᠤ ᠳᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢ ᠠᠴᠠ ᠭᠤᠶᠤᠴᠢᠯᠠᠭᠰᠠᠨ ᠢ ᠬᠠᠤᠯᠢ ᠳᠤ ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ | ᠨᠠᠰᠤᠨ ᠳᠤ ᠬᠦᠷᠦᠭᠰᠡᠨ ᠦᠶ᠎ᠡ ᠳᠤ ᠨᠥᠬᠦᠨ ᠲᠤᠰᠢᠶᠠᠯᠭᠠᠨ᠎ᠠ᠃ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢ ᠵᠠᠯᠭᠠᠭᠤᠯᠬᠤ | ᠮᠠᠨ ᠤ ᠬᠤᠲᠠ ᠶᠢᠨ ᠬᠡᠷᠡᠭᠵᠢᠭᠦᠯᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠤᠤᠯ ᠤᠨ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢ ᠲᠠᠢ ᠬᠠᠮᠢᠶ᠎ᠠ ᠲᠠᠢ ᠲᠥᠷᠥ ᠶᠢᠨ ᠪᠣᠳᠣᠯᠭ᠎ᠠ ᠶᠢᠨ ᠲᠤᠰ ᠬᠡᠷᠡᠭᠵᠢᠭᠦᠯᠬᠦ | ᠲᠥᠰᠥᠯ ᠲᠠᠢ ᠵᠥᠷᠢᠶ᠎ᠡ ᠲᠠᠢ ᠶᠢ ᠨᠢ ᠲᠤᠰ ᠬᠡᠷᠡᠭᠵᠢᠭᠦᠯᠬᠦ ᠲᠥᠰᠥᠯ ᠤᠨ ᠲᠣᠭᠲᠠᠭᠠᠯ ᠢᠶᠠᠷ ᠪᠠᠷᠢᠮᠵᠢᠶᠠᠯᠠᠨ᠎ᠠ᠃ ᠲᠤᠰ | ᠬᠡᠷᠡᠭᠵᠢᠭᠦᠯᠬᠦ ᠲᠥᠰᠥᠯ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠤᠯ ᠤᠨ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠥᠬᠦᠨ ᠲᠤᠰᠢᠶᠠᠬᠤ ᠰᠦᠢᠳᠬᠡᠯ ᠤᠨ ᠲᠥᠷᠥ ᠶᠢᠨ | ᠪᠣᠳᠣᠯᠭ᠎ᠠ ᠪᠠᠷ ᠬᠠᠮᠢᠶ᠎ᠠ ᠪᠦᠬᠦᠢ ᠭᠠᠷ ᠭᠦᠢᠴᠡᠳᠬᠡᠯ ᠭᠦᠢᠴᠡᠳᠬᠡᠭᠰᠡᠨ ᠢ ᠮᠥᠨ ᠤᠤᠯ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠭᠤᠷᠪᠠ᠂ ᠠᠷᠭ᠎ᠠ ᠬᠡᠮᠵᠢᠶ᠎ᠡ ᠠᠯᠬᠤᠮ ᠳᠠᠷᠠᠭ᠎ᠠ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ | ᠦᠷᠭᠦᠯᠵᠢᠯᠡᠭᠦᠯᠬᠦ ᠠᠵᠢᠯ ᠢ ᠲᠤᠰ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠭᠦᠯᠵᠦ᠂ ᠭᠤᠷᠪᠠᠨ ᠠᠯᠬᠤᠮ ᠢᠶᠠᠷ | ᠬᠡᠷᠡᠭᠵᠢᠭᠦᠯᠦᠨ᠎ᠡ᠃ | ︵ᠨᠢᠭᠡ︶ ᠤᠬᠠᠭᠤᠯᠤᠨ ᠬᠥᠲᠥᠯᠥᠨ ᠵᠢᠯᠣᠭᠤᠳᠤᠨ᠎ᠠ ︵2019 ᠣᠨ ᠤ 8 ᠳ᠋ᠤᠭᠠᠷ ᠰᠠᠷ᠎ᠠ︶᠃ ᠡᠯ᠎ᠡ | ᠵᠦᠢᠯ ᠤᠨ ᠰᠣᠨᠢᠨ ᠮᠡᠳᠡᠭᠡ ᠵᠠᠭᠤᠴᠢᠯᠠᠭᠤᠷ ᠪᠣᠯᠣᠨ ᠤᠬᠠᠭᠤᠯᠬᠤ ᠲᠠᠪᠴᠠᠩ ᠢ ᠭᠦᠢᠴᠡᠳ ᠠᠰᠢᠭᠯᠠᠵᠤ᠂ ᠨᠠᠮ ᠤᠨ | ᠲᠥᠪ ᠬᠤᠷᠢᠶ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠳᠠᠬᠢ ᠬᠠᠶᠢᠷ᠎ᠠ ᠬᠠᠯᠠᠮᠵᠢᠯᠠᠯ ᠢ ᠥᠷᠭᠡᠨ ᠢᠶᠠᠷ ᠤᠬᠠᠭᠤᠯᠤᠨ᠂ ᠨᠡᠶᠢᠭᠡᠮ ᠤᠨ ᠳᠠᠭᠠᠳᠬᠠᠯ ᠢ ᠵᠠᠯᠭᠠᠨ | ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃ ᠰᠢᠨ᠎ᠡ ᠵᠠᠭᠤᠴᠢᠯᠠᠭᠤᠷ᠂ ᠤᠬᠠᠭᠤᠯᠭ᠎ᠠ ᠶᠢᠨ | ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠨᠡᠶᠢᠭᠡᠮ ᠲᠣᠭᠤᠷᠢᠭ︶ ᠳᠤ ᠭᠤᠶᠤᠴᠢᠯᠠᠨ ᠭᠦᠢᠴᠡᠳᠬᠡᠬᠦ | ᠠᠯᠬᠤᠮ ᠳᠠᠷᠠᠭ᠎ᠠ ᠶᠢ ᠵᠠᠷᠯᠠᠨ ᠨᠡᠶᠢᠲᠡᠯᠡᠨ᠎ᠡ᠃ | ︵ᠬᠤᠶᠠᠷ︶ ᠳᠠᠩᠰᠠᠯᠠᠭᠤᠯᠵᠤ ᠨᠥᠬᠦᠨ ᠲᠤᠰᠢᠶᠠᠬᠤ ︵2019 ᠣᠨ ᠤ 8 ᠳ᠋ᠤᠭᠠᠷ ᠰᠠᠷ᠎ᠠ ᠠᠴᠠ 12 | ᠳ᠋ᠤᠭᠠᠷ ᠰᠠᠷ᠎ᠠ ᠪᠣᠯᠲᠠᠯ᠎ᠠ︶᠃ ᠡᠯ᠎ᠡ ᠬᠤᠰᠢᠭᠤ ᠰᠢᠶᠠᠨ ᠲᠣᠭᠤᠷᠢᠭ ᠭᠤᠶᠤᠴᠢᠯᠠᠨ ᠳᠠᠩᠰᠠᠯᠠᠭᠤᠯᠤᠭᠰᠠᠨ ᠬᠥᠮᠥᠨ ᠤ | ᠲᠤᠭ᠎ᠠ ᠶᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠬᠥᠮᠥᠨ ᠤ ᠰᠦᠢᠳᠬᠡᠯ ᠢ ᠥᠷᠢᠲᠦᠭᠰᠡᠨ ᠲᠠᠰᠤᠯᠳᠠᠭᠤᠯᠤᠭᠰᠠᠨ | ᠪᠠᠶᠢᠳᠠᠯ ᠵᠢᠴᠢ ᠨᠥᠬᠦᠨ ᠲᠤᠰᠢᠶᠠᠭᠰᠠᠨ ᠰᠦᠢᠳᠬᠡᠯ ᠢ ᠳᠣᠣᠷ᠎ᠠ ᠠᠴᠠ ᠳᠡᠭᠡᠭᠰᠢ ᠪᠦᠷᠢᠳᠬᠡᠨ ᠲᠦᠯᠬᠢᠨ ᠪᠣᠳᠣᠵᠤ᠂ | 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ ᠳᠤᠭᠤᠶᠢᠯᠠᠩ ᠳᠤ ᠮᠡᠳᠡᠭᠦᠯᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ ᠪᠠᠨ ᠦᠨᠳᠦᠰᠦᠯᠡᠨ᠂ | ᠳᠠᠭᠠᠳᠬᠠᠯ ᠳᠤ ᠣᠷᠣᠯᠴᠠᠬᠤ ᠪᠠ ᠨᠥᠬᠦᠨ ᠲᠤᠰᠢᠶᠠᠬᠤ ᠶᠢ ᠭᠦᠢᠴᠡᠳᠬᠡᠬᠦ ᠠᠯᠬᠤᠮ ᠳᠠᠷᠠᠭ᠎ᠠ ᠶᠣᠰᠣᠭᠠᠷ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠳᠤᠮᠳᠠ ᠲᠣᠬᠢᠶᠠᠯᠳᠤᠭᠰᠠᠨ ᠬᠦᠴᠢᠷ ᠲᠠᠢ ᠠᠰᠠᠭᠤᠳᠠᠯ ᠢ | ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠨ᠂ ᠴᠢᠨᠠᠭᠰᠢᠳᠠ ᠰᠢᠢᠳᠪᠦᠷᠢᠯᠡᠵᠦ᠂ ᠳᠠᠭᠠᠳᠬᠠᠯ ᠢ | ᠵᠠᠯᠭᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ | ᠠᠵᠢᠯ ᠤᠨ ᠲᠤᠰᠬᠠᠢ ᠳᠠᠩᠰᠠᠨ ᠡᠷᠦᠬᠡ ᠪᠠ ᠲᠤᠰᠬᠠᠢ ᠬᠦᠯᠢᠶᠡᠨ ᠠᠪᠬᠤ ᠴᠣᠩᠬᠤ ᠶᠢ ᠴᠠᠭ ᠲᠤᠬᠠᠢ ᠳᠤᠨᠢ ᠭᠠᠷᠭᠠᠵᠤ | ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ︽ᠨᠢᠭᠡ ᠡᠭᠦᠳᠡ ᠪᠠᠷ ᠣᠷᠣᠵᠤ᠂ ᠭᠠᠭᠴᠠ ᠤᠳᠠᠭ᠎ᠠ | ᠶᠠᠪᠤᠭᠠᠳ︾ ᠭᠤᠶᠤᠴᠢᠯᠠᠨ ᠳᠠᠩᠰᠠᠯᠠᠭᠤᠯᠵᠤ ᠪᠠᠷᠠᠬᠤ ᠶᠢ ᠪᠠᠲᠤᠯᠠᠬᠤ ᠬᠡᠷᠡᠭᠲᠡᠢ᠃ | ︵ᠭᠤᠷᠪᠠ︶ ᠳ᠋ᠦᠩᠨᠡᠵᠦ ᠳᠡᠭᠡᠭᠰᠢ ᠮᠡᠳᠡᠭᠦᠯᠬᠦ ︵2019 ᠣᠨ ᠤ 12 ᠳ᠋ᠤᠭᠠᠷ ᠰᠠᠷ᠎ᠠ ᠶᠢᠨ ᠰᠡᠭᠦᠯᠴᠢ︶᠃ | ᠡᠯ᠎ᠡ ᠬᠤᠰᠢᠭᠤ ᠰᠢᠶᠠᠨ ᠲᠣᠭᠤᠷᠢᠭ ᠠᠵᠢᠯ ᠤᠨ ᠪᠡᠶᠡᠯᠡᠭᠦᠯᠦᠭᠰᠡᠨ ᠪᠠᠶᠢᠳᠠᠯ ᠢᠶᠠᠨ 12 ᠳ᠋ᠤᠭᠠᠷ ᠰᠠᠷ᠎ᠠ ᠶᠢᠨ 30 ᠤ | ᠡᠳᠦᠷ ᠠᠴᠠ ᠡᠮᠦᠨ᠎ᠡ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ | ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ ᠳᠤᠭᠤᠶᠢᠯᠠᠩ ᠳᠤ ᠮᠡᠳᠡᠭᠦᠯᠬᠦ ᠬᠡᠷᠡᠭᠲᠡᠢ᠃ ᠬᠤᠲᠠ ᠶᠢᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠮᠠᠨ ᠤ ᠬᠤᠲᠠ ᠶᠢᠨ ᠠᠵᠢᠯ ᠤᠨ ᠪᠠᠶᠢᠳᠠᠯ ᠢ | 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ | ᠳᠤᠭᠤᠶᠢᠯᠠᠩ ᠳᠤ ᠮᠡᠳᠡᠭᠦᠯᠬᠦ ᠬᠡᠷᠡᠭᠲᠡᠢ᠃ | ᠳᠥᠷᠪᠡ᠂ ᠪᠣᠳᠠᠲᠠᠢ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠢ | ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ ᠠᠬᠢᠭᠤᠯᠤᠨ ᠨᠠᠶᠢᠳᠠᠪᠤᠷᠢᠵᠢᠭᠤᠯᠤᠨ᠎ᠠ᠃ ᠬᠤᠲᠠ᠂ | ᠬᠤᠰᠢᠭᠤ ᠰᠢᠶᠠᠨ ᠲᠣᠭᠤᠷᠢᠭ ᠠᠴᠠ ᠰᠠᠯᠠᠭ᠎ᠠ ᠮᠥᠴᠢᠷ ᠤᠨ ᠬᠤᠯᠪᠣᠭᠠᠲᠤ ᠬᠤᠷᠠᠯ ᠤᠨ ᠳᠦᠷᠢᠮ ᠢ ᠲᠣᠭᠲᠠᠭᠠᠵᠤ᠂ | ᠬᠤᠯᠪᠣᠭᠠᠲᠤ ᠬᠤᠷᠠᠯ ᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠲᠣᠯᠣᠭᠠᠶᠢᠯᠠᠵᠤ᠂ ᠠᠷᠠᠳ ᠤᠨ ᠶᠠᠪᠤᠳᠠᠯ᠂ ᠡᠳ᠋ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠡᠮᠴᠢᠯᠡᠭᠡ ᠶᠢᠨ ᠪᠠᠲᠤᠯᠠᠭ᠎ᠠ᠂ ᠬᠢᠨᠠᠨ ᠪᠣᠳᠣᠬᠤ ᠵᠡᠷᠭᠡ ᠰᠠᠯᠠᠭ᠎ᠠ | ᠮᠥᠴᠢᠷ ᠣᠷᠣᠯᠴᠠᠨ᠂ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠳᠤᠮᠳᠠ ᠲᠣᠬᠢᠶᠠᠯᠳᠤᠭᠰᠠᠨ | ᠠᠰᠠᠭᠤᠳᠠᠯ ᠢ ᠵᠥᠪᠳᠡᠨ ᠰᠢᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠢ ᠲᠤᠰ ᠱᠠᠲᠤᠨ ᠤ ᠨᠠᠮ ᠤᠨ | ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ | ᠳᠤᠭᠤᠶᠢᠯᠠᠩ ᠳᠤ ᠮᠡᠳᠡᠭᠦᠯᠦᠨ ᠰᠤᠳᠤᠯᠤᠨ ᠰᠢᠢᠳᠪᠦᠷᠢᠯᠡᠭᠦᠯᠦᠨ᠎ᠡ᠃ ᠳᠡᠭᠡᠷᠡᠬᠢ ᠰᠠᠯᠠᠭ᠎ᠠ ᠮᠥᠴᠢᠷ ᠤᠳ ᠠᠴᠠ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯᠲᠠᠨ ᠢ ᠰᠣᠩᠭᠤᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ ᠳᠤᠭᠤᠶᠢᠯᠠᠩ ᠢ ᠪᠠᠶᠢᠭᠤᠯᠵᠤ᠂ | ᠠᠵᠢᠯ ᠤᠨ ᠳᠤᠭᠤᠶᠢᠯᠠᠩ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ | ᠨᠢᠭᠡᠳᠦᠯᠲᠡᠢ ᠠᠯᠪᠠᠯᠠᠨ᠂ ᠲᠤᠰ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ | ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠢ ᠬᠠᠷᠢᠭᠤᠴᠠᠵᠤ᠂ ᠳᠣᠣᠷ᠎ᠠ ᠱᠠᠲᠤᠨ ᠤ ᠠᠵᠢᠯ ᠢ | ᠵᠢᠯᠣᠭᠤᠳᠬᠤ ᠪᠥᠭᠡᠳ ᠳᠡᠭᠡᠷ᠎ᠡ ᠱᠠᠲᠤᠨ ᠳᠤ ᠴᠠᠭ ᠲᠤᠬᠠᠢ ᠳᠤᠨᠢ ᠠᠵᠢᠯ ᠤᠨ ᠮᠡᠳᠡᠭᠦᠯᠦᠯᠲᠡ ᠬᠢᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ ᠃ ︽ᠬᠡᠨ ᠬᠢᠨᠠᠨ | ᠪᠠᠶᠢᠴᠠᠭᠠᠭᠰᠠᠨ ᠪᠣᠯ ᠬᠡᠨ ᠬᠠᠷᠢᠭᠤᠴᠠᠵᠤ᠂ ᠬᠡᠨ ᠭᠠᠷ ᠤᠨ ᠦᠰᠦᠭ ᠵᠢᠷᠤᠭᠰᠠᠨ ᠪᠣᠯ ᠬᠡᠨ ᠬᠠᠷᠢᠭᠤᠴᠠᠬᠤ︾ ᠶᠢ | ᠪᠠᠷᠢᠮᠲᠠᠯᠠᠵᠤ᠂ ᠨᠢᠭᠡ ᠬᠥᠮᠥᠨ ᠢ ᠴᠤ ᠣᠷᠬᠢᠭᠳᠠᠭᠤᠯᠬᠤ ᠦᠭᠡᠢ᠂ ᠨᠢᠭᠡ ᠬᠥᠮᠥᠨ ᠳᠤ ᠴᠤ ᠪᠤᠷᠤᠭᠤ ᠭᠠᠷᠭᠠᠬᠤ | ᠦᠭᠡᠢ ᠪᠠᠶᠢᠵᠤ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ | ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠬᠤᠯᠪᠣᠭᠳᠠᠬᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠬᠥᠮᠥᠨ ᠤ ᠲᠤᠭ᠎ᠠ᠂ ᠬᠡᠪᠴᠢᠶ᠎ᠡ᠂ | ᠲᠥᠷᠥᠯ ᠵᠦᠢᠯ ᠢ ᠨᠠᠷᠢᠨ ᠬᠢᠨᠠᠮᠠᠭᠠᠢ ᠬᠠᠷᠭᠤᠭᠤᠯᠤᠨ᠂ ᠳᠣᠲᠣᠷ᠎ᠠ ᠪᠠᠨ ᠲᠤᠭ᠎ᠠ ᠲᠠᠢ ᠪᠣᠯᠵᠤ ᠪᠠᠶᠢᠳᠠᠯ ᠢ ᠣᠶᠢᠯᠭᠠᠬᠤ | ᠬᠡᠷᠡᠭᠲᠡᠢ︔ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠠ ᠡᠮᠴᠢᠯᠡᠭᠡ ᠶᠢᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠬᠢᠨ ᠬᠤᠯᠪᠣᠭᠳᠠᠬᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ | ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠥᠷᠢᠲᠦᠭᠰᠡᠨ | ᠪᠠ ᠲᠠᠰᠤᠯᠳᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠬᠡᠷᠡᠭᠲᠡᠶ︔ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠬᠢᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠪᠣᠯᠤᠨ ᠣᠨᠴᠠ ᠬᠦᠴᠢᠷᠳᠡᠯᠲᠡᠶ ᠬᠥᠮᠥᠨ ᠳᠤ ᠬᠠᠷᠢᠶᠠᠯᠠᠭᠳᠠᠬᠤ ᠪᠠᠶᠢᠳᠠᠯ ᠢ | ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠬᠡᠷᠡᠭᠲᠡᠶ︔ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨ ᠵᠠᠷᠤᠳᠠᠯ | ᠮᠥᠩᠭᠦ ᠶᠢ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠪᠣᠳᠣᠬᠤ ᠪᠠᠨ ᠴᠢᠩᠭᠠᠳᠬᠠᠬᠤ | ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠳᠤ ᠨᠡᠶᠢᠴᠡᠬᠦ ᠦᠭᠡᠢ ᠳᠤ ᠨᠢ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠬᠦᠯᠢᠴᠡᠩᠭᠦᠶ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠢ ᠢᠳᠡᠪᠬᠢᠲᠡᠢ ᠪᠥᠭᠡᠳ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠶ᠃ | ︵ᠭᠤᠷᠪᠠ︶ ᠶᠠᠳᠠᠭᠤ ᠶᠢ ᠲᠡᠳᠬᠦᠵᠦ ᠬᠠᠪᠰᠤᠷᠤᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠠᠤᠯᠢ ᠳᠤ ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ ᠨᠠᠰᠤᠨ ᠳᠤ ᠬᠦᠷᠦᠭᠰᠡᠨ ᠢ ᠲᠣᠰ ᠬᠡᠷᠡᠭᠵᠢᠭᠦᠯᠬᠦ | ᠲᠥᠰᠦᠯ ᠤᠨ ᠶᠣᠰᠣᠭᠠᠷ ᠰᠦᠢᠳᠬᠡᠯ ᠲᠤᠰᠢᠶᠠᠭᠰᠠᠨ ᠤ ᠳᠠᠷᠠᠭ᠎ᠠ ᠪᠠᠰᠠ ᠰᠦᠢᠳᠬᠡᠯ ᠲᠤᠰᠢᠶᠠᠬᠤ ᠬᠠᠮᠤᠭ ᠤᠨ | ᠳᠣᠤᠷ᠎ᠠ ᠬᠤᠭᠤᠴᠠᠭ᠎ᠠ ᠳᠤ ᠬᠦᠷᠦᠭᠡᠳᠦᠢ ᠪᠣᠯ ᠡᠯ᠎ᠡ ᠭᠠᠵᠠᠷ ᠣᠷᠣᠨ ᠤᠨ ᠬᠢᠨ ᠣᠯᠠᠨ ᠵᠦᠢᠯ ᠤᠨ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠬᠠᠪᠰᠤᠷᠬᠤ ᠬᠡᠷᠡᠭᠲᠡᠶ᠃ ᠬᠥᠮᠦᠵᠢᠯ ᠪᠣᠯᠪᠠᠰᠤᠷᠠᠭᠤᠯᠤᠯ᠂ ᠠᠵᠢᠯ | ᠲᠠᠨᠢᠯᠴᠠᠭᠤᠯᠬᠤ ᠠᠵᠢᠯ ᠣᠯᠭᠤᠬᠤ᠂ ᠠᠳᠠᠯ ᠦᠢᠯᠡᠰ ᠪᠣᠰᠬᠠᠬᠤ ᠶᠢ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠠᠵᠢᠯ ᠣᠯᠵᠤ ᠠᠳᠠᠯ ᠦᠢᠯᠡᠰ | ᠪᠣᠰᠬᠠᠬᠤ ᠶᠢ ᠳᠡᠮᠵᠢᠬᠦ ᠬᠡᠷᠡᠭᠲᠡᠶ᠃ ᠨᠠᠰᠤ ᠠᠬᠢᠭᠰᠠᠨ᠂ ᠲᠡᠳᠬᠦᠭᠰᠡᠨ ᠤ ᠳᠠᠷᠠᠭ᠎ᠠ ᠪᠠᠰᠠ ᠠᠵᠢᠯ ᠣᠯᠬᠤ ᠳᠤ ᠬᠦᠴᠢᠷ | ᠲᠠᠢ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠨᠥᠬᠦᠴᠡᠯ ᠳᠤ ᠨᠡᠶᠢᠴᠡᠪᠡᠯ᠂ ᠡᠩ ᠲᠡᠷᠢᠭᠦᠨ ᠳᠤ | ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠵᠢᠯ ᠤᠨ ᠪᠠᠶᠢᠷᠢ ᠳᠤ | ᠬᠠᠪᠰᠤᠷᠤᠨ ᠠᠵᠢᠯ ᠣᠯᠭᠤᠨ᠎ᠠ᠃ ᠠᠵᠢᠯ ᠣᠯᠬᠤ ᠴᠢᠳᠠᠪᠤᠷᠢ ᠲᠠᠢ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢ ᠰᠠᠨᠠᠭᠠᠴᠢᠯᠠᠭ᠎ᠠ ᠠᠴᠠ ᠪᠠᠨ ᠠᠵᠢᠯ ᠣᠯᠵᠤ ᠠᠳᠠᠯ ᠦᠢᠯᠡᠰ ᠴᠣᠭᠴᠠᠯᠠᠵᠤ᠂ ᠬᠡᠷᠡᠭᠯᠡᠬᠦ ᠨᠢᠭᠡᠴᠡ ᠪᠣᠯᠤᠨ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠬᠡᠷᠡᠭᠲᠡᠶ᠃ | ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ | ᠲᠣᠭᠤᠷᠢᠭ ᠤᠨ ᠬᠢᠨ ᠭᠠᠷᠠᠭ ᠤᠨ ᠭᠤᠷᠪᠠᠨ ᠪᠦᠷᠢ ᠶᠢᠨ ᠦᠳᠡ ᠶᠢᠨ ᠬᠤᠶᠢᠨ᠎ᠠ ᠶᠢᠨ 4 ᠴᠠᠭ ᠠᠴᠠ ᠡᠮᠦᠨ᠎ᠡ ᠲᠤᠰ | ᠭᠠᠷᠠᠭ ᠤᠨ ᠠᠵᠢᠯ ᠤᠨ ᠠᠬᠢᠴᠠ ᠶᠢᠨ ᠪᠠᠶᠢᠳᠠᠯ ᠢᠶᠠᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ | ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ ᠳᠤᠭᠤᠶᠢᠯᠠᠩ ᠳᠤ ᠬᠦᠷᠭᠡᠨ ᠮᠡᠳᠡᠭᠦᠯᠬᠦ ᠬᠡᠷᠡᠭᠲᠡᠢ᠃ | ᠮᠠᠨ ᠤ ᠬᠤᠲᠠ ᠠᠴᠠ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠡᠶᠢᠭᠡᠮ ᠤᠨ | ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠳᠤ ᠴᠠᠭ ᠲᠠᠭᠠᠷᠠᠭᠤᠯᠤᠨ ᠲᠤᠰᠬᠠᠢ ᠲᠥᠷᠥᠯ ᠢᠶᠠᠷ ᠪᠠᠶᠢᠴᠠᠭᠠᠨ | ᠰᠢᠮᠳᠠᠭᠤᠯᠤᠨ ᠵᠢᠯᠣᠭᠤᠳᠴᠤ᠂ ᠠᠵᠢᠯ ᠢ ᠤᠳᠠᠭᠠᠰᠢᠷᠠᠭᠤᠯᠤᠭᠰᠠᠨ᠂ ᠲᠦᠯᠬᠢᠯᠴᠡᠭᠰᠡᠨ᠂ ᠨᠠᠶᠢᠳᠠᠪᠤᠷᠢᠵᠢᠭᠤᠯᠤᠭᠰᠠᠨ | ᠨᠢ ᠬᠦᠴᠦᠨ ᠦᠭᠡᠢ ᠭᠠᠵᠠᠷ ᠣᠷᠣᠨ ᠪᠠ ᠰᠠᠯᠠᠭ᠎ᠠ ᠮᠥᠴᠢᠷ ᠢ ᠮᠡᠳᠡᠭᠡᠯᠡᠬᠦ ᠶᠢᠨ ᠬᠠᠮᠲᠤ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠨ᠎ᠡ᠃ |