| | | 2 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠢ ᠪᠠᠶᠢᠴᠠᠭᠠᠨ | ᠰᠣᠳᠤᠯᠬᠤ ᠳᠤᠭᠤᠶᠢᠯᠠᠩ ᠢ ᠳᠠᠭᠠᠭᠤᠯᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ | ᠃ | ᠡᠩ ᠲᠡᠷᠢᠭᠦᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠠᠨ ᠤ ᠰᠤᠷᠭᠠᠨ ᠬᠥᠮᠦᠵᠢᠯ ᠤᠨ | ᠲᠣᠪᠴᠢᠶ᠎ᠠ ᠳᠤ ᠬᠦᠷᠴᠦ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠬᠤᠭᠤᠴᠠᠭᠠᠨ ᠳᠠᠬᠢ ᠡᠯ᠎ᠡ ᠵᠦᠢᠯ ᠤᠨ ᠪᠡᠯᠡᠳᠬᠡᠯ ᠠᠵᠢᠯ᠂ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠬᠦ ᠶᠢ ᠥᠷᠨᠢᠭᠦᠯᠦᠭᠰᠡᠨ ᠪᠠᠶᠢᠳᠠᠯ ᠵᠢᠴᠢ ᠬᠢᠨᠠᠨ ᠵᠥᠪᠰᠢᠶᠡᠷᠡᠬᠦ ᠠᠵᠢᠯ ᠤᠨ ᠲᠤᠬᠠᠶ ᠰᠢᠶᠠᠨ ᠤ ᠰᠤᠷᠭᠠᠨ | ᠬᠥᠮᠦᠵᠢᠯ ᠤᠨ ᠲᠣᠪᠴᠢᠶ ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠰᠠᠯᠠᠭ᠎ᠠ | ᠲᠠᠰᠤᠭ ᠤᠨ ᠳᠠᠷᠤᠭ᠎ᠠ ᠲᠠᠢ ᠲᠤᠰᠬᠠᠢ ᠰᠡᠳᠦᠪᠲᠦ ᠰᠠᠭᠤᠳᠠᠯ ᠤᠨ ᠬᠤᠷᠠᠯ ᠬᠢᠵᠦ᠂ ᠬᠤᠷᠠᠯ ᠳᠡᠭᠡᠷ᠎ᠡ ᠣᠯᠠᠨ ᠤ | ᠬᠢᠵᠢᠭ ᠢ ᠰᠡᠷᠭᠡᠶᠢᠯᠡᠨ ᠠᠷᠢᠭᠤᠳᠬᠠᠬᠤ᠂ ᠡᠳ᠋ ᠪᠣᠳᠠᠰ ᠨᠥᠭᠡᠴᠡᠯᠡᠬᠦ ᠵᠡᠷᠭᠡ ᠰᠤᠷᠭᠠᠭᠤᠯᠢ ᠡᠬᠢᠯᠡᠬᠦ ᠠᠴᠠ ᠡᠮᠦᠨᠡᠬᠢ | ᠡᠯ᠎ᠡ ᠵᠦᠢᠯ ᠤᠨ ᠪᠡᠯᠡᠳᠬᠡᠯ ᠠᠵᠢᠯ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠵᠦ ᠰᠤᠷᠤᠯᠭ᠎ᠠ ᠶᠢ ᠲᠡᠳᠬᠦᠬᠦ | ᠪᠠ ᠬᠢᠨᠠᠨ ᠵᠥᠪᠰᠢᠶᠡᠷᠡᠬᠦ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠨ ᠢ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠤᠨ ᠰᠢᠰᠲ᠋ᠧᠮ ᠤᠨ ᠬᠥᠮᠦᠨ ᠤ ᠲᠤᠭ᠎ᠠ ᠣᠯᠠᠨ᠂ | ᠬᠥᠮᠦᠨ ᠣᠯᠠᠨ ᠴᠤᠭᠯᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠭᠠᠵᠠᠷ ᠪᠣᠯᠤᠨ᠎ᠠ᠃ | ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠡᠩ | ᠨᠠᠷᠢᠨ ᠨᠢᠭᠲᠠ ᠲᠣᠭᠲᠠᠭᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠢ ᠨᠡᠩ ᠪᠦᠷᠢᠨ | ᠪᠣᠳᠣᠯᠬᠢᠯᠠᠵᠤ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠨᠡᠩ ᠭᠦᠢᠴᠡᠳ ᠪᠡᠯᠡᠳᠬᠡᠵᠦ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠠᠭᠰᠢ ᠰᠤᠷᠤᠭᠴᠢᠳ ᠤᠨ ᠮᠡᠳᠡᠭᠡ ᠵᠠᠩᠭᠢ ᠶᠢ | ᠨᠠᠷᠢᠯᠢᠭ ᠣᠨᠤᠪᠴᠢᠲᠠᠢ ᠪᠠᠷ ᠵᠢᠭᠰᠠᠭᠠᠨ ᠪᠠᠶᠢᠴᠠᠭᠠᠬᠤ ᠠᠵᠢᠯ ᠢ ᠴᠢᠩᠭ᠎ᠠ ᠠᠳᠬᠠᠵᠤ᠂ ᠢᠯᠠᠩᠭᠤᠶ᠎ᠠ ᠣᠷᠣᠨ ᠤ | ᠭᠠᠳᠠᠨ᠎ᠠ ᠠᠴᠠ ᠪᠤᠴᠠᠵᠤ ᠢᠷᠡᠭᠰᠡᠨ ᠪᠠᠭᠰᠢ ᠰᠤᠷᠤᠭᠴᠢᠳ ᠲᠤ ᠴᠢᠭᠯᠡᠭᠦᠯᠦᠨ ᠡᠷᠡᠭᠦᠯ ᠮᠡᠨᠳᠦ ᠶᠢᠨ ᠲᠠᠩᠰᠠ ᠡᠪᠬᠡᠮᠡᠯ | ᠪᠠᠶᠢᠭᠤᠯᠵᠤ᠂ ᠰᠠᠭᠤᠷᠢ ᠲᠤᠭ᠎ᠠ ᠪᠠ ᠪᠠᠶᠢᠳᠠᠯ ᠢ ᠲᠣᠳᠤᠷᠬᠠᠢ ᠪᠠᠶᠢᠯᠭᠠᠬᠤ ᠬᠡᠷᠡᠭᠲᠡᠶ᠃ ᠡᠳ᠋ ᠪᠣᠳᠠᠰ ᠢ ᠤᠷᠢᠳᠴᠢᠯᠠᠨ | ᠴᠤᠭᠯᠠᠭᠤᠯᠵᠤ᠂ ᠢᠯᠠᠩᠭᠤᠶ᠎ᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠪᠡᠯᠡᠳᠬᠡᠬᠦ᠂ ᠰᠤᠷᠭᠠᠭᠤᠯᠢ ᠶᠢᠨ | ᠬᠦᠷᠢᠶᠡᠨ ᠤ ᠣᠷᠴᠢᠨ ᠲᠣᠭᠤᠷᠢᠨ ᠢ ᠠᠷᠢᠭᠤᠳᠬᠠᠬᠤ ᠡᠳ᠋ ᠪᠣᠳᠠᠰ ᠵᠡᠷᠭᠡ ᠶᠢ ᠤᠷᠢᠳᠴᠢᠯᠠᠨ ᠴᠤᠭᠯᠠᠭᠤᠯᠵᠤ᠂ | ᠰᠤᠷᠭᠠᠭᠤᠯᠢ ᠡᠬᠢᠯᠡᠬᠦ ᠳᠤ ᠭᠦᠢᠴᠡᠳ ᠪᠡᠯᠡᠳᠬᠡᠯ ᠬᠢᠬᠦ ᠬᠡᠷᠡᠭᠲᠡᠶ᠃ ᠢᠳᠡᠭᠡᠨ ᠤᠮᠳᠠᠭᠠᠨ ᠤ ᠠᠮᠤᠷ ᠲᠦᠪᠰᠢᠨ ᠤ | ᠠᠵᠢᠯ ᠢ ᠰᠠᠶᠢᠲᠤᠷ ᠬᠢᠵᠦ᠂ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠤᠷᠢᠳᠴᠢᠯᠠᠨ ᠰᠠᠶᠢᠲᠤᠷ ᠬᠢᠵᠦ᠂ | ᠴᠠᠭ ᠢ ᠨᠢ ᠵᠦᠷᠢᠭᠦᠯᠦᠨ ᠬᠤᠭᠤᠯᠯᠠᠬᠤ᠂ ᠲᠠᠷᠠᠬᠠᠶ ᠪᠤᠲᠠᠷᠬᠠᠶ ᠰᠠᠭᠤᠵᠤ ᠬᠤᠭᠤᠯᠯᠠᠬᠤ ᠵᠡᠷᠭᠡ ᠠᠷᠭ᠎ᠠ ᠮᠠᠶ᠋ᠢᠭ ᠢ | ᠠᠪᠴᠤ᠂ ᠬᠥᠮᠦᠨ ᠣᠯᠠᠨ ᠴᠤᠭᠯᠠᠷᠠᠬᠤ ᠲᠦᠭᠰᠢᠭᠦᠷᠢ ᠶᠢ ᠪᠠᠭᠤᠷᠠᠭᠤᠯᠵᠤ᠂ ᠪᠠᠭᠰᠢ ᠰᠤᠷᠤᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠶᠠᠨ ᠢ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠲᠣᠪᠴᠢᠶ᠎ᠠ ᠨᠢ ᠲᠡᠳᠬᠦᠭᠳᠡᠵᠦ ᠪᠠᠶᠢᠭ᠎ᠠ ᠶᠠᠳᠠᠭᠤ | ᠬᠦᠴᠢᠷᠳᠡᠯᠲᠠᠢ ᠤᠶᠤᠲᠠᠳ ᠤᠨ ᠰᠤᠷᠭᠠᠭᠤᠯᠢ ᠳᠤ ᠪᠠᠶᠢᠭ᠎ᠠ ᠢᠯᠡᠷᠡᠯ ᠢ ᠴᠠᠭ ᠲᠤᠬᠠᠶ ᠳᠤᠨᠢ ᠬᠢᠨᠠᠨ ᠬᠡᠮᠵᠢᠬᠦ ᠪᠠ | ᠲᠡᠭᠦᠰᠦᠭᠰᠡᠨ ᠤ ᠳᠠᠷᠠᠭ᠎ᠠ ᠠᠵᠢᠯ ᠡᠷᠭᠢᠯᠡᠵᠦ ᠪᠠᠶᠢᠭ᠎ᠠ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠰᠠᠶᠢᠲᠤᠷ ᠬᠢᠬᠦ | ᠶᠢᠨ ᠬᠠᠮᠲᠤ ᠰᠢᠶᠠᠨ ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠶᠤᠲᠠᠨ ᠢ ᠠᠵᠢᠯ ᠤᠨ | ᠪᠠᠶᠢᠷᠢ ᠳᠤ ᠡᠯᠰᠡᠬᠦ ᠰᠢᠯᠭᠠᠯᠲᠠ ᠶᠢᠨ ᠲᠣᠬᠢᠷᠠᠭᠤᠯᠤᠯᠲᠠ ᠶᠢᠨ ᠲᠣᠭᠤᠷᠢᠨ ᠳᠤ ᠦᠨᠡᠨ ᠪᠣᠳᠠᠲᠠᠶ ᠪᠥᠭᠡᠳ | ᠨᠠᠶᠢᠳᠠᠪᠤᠷᠢᠲᠠᠶ ᠪᠣᠳᠠᠲᠤ ᠢᠯᠡᠷᠡᠯ ᠤᠨ ᠬᠢᠨᠠᠨ ᠰᠢᠯᠭᠠᠬᠤ ᠮᠠᠲ᠋ᠧᠷᠢᠶᠠᠯ ᠢ ᠬᠠᠩᠭᠠᠵᠤ᠂ ᠮᠠᠨ ᠤ ᠰᠢᠶᠠᠨ ᠤ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠮᠣᠷᠠᠯ ᠴᠢᠳᠠᠪᠤᠷᠢ ᠬᠤᠤᠰᠯᠠᠭᠰᠠᠨ | ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠵᠤ ᠥᠭᠬᠦ ᠬᠡᠷᠡᠭᠲᠡᠶ ᠭᠡᠪᠡ᠃ | ᠶᠠᠨ ᠢ ᠱᠠᠭᠠᠷᠳᠠᠭᠰᠠᠨ ᠨᠢ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ | ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ | ᠵᠢᠷᠤᠮᠵᠢᠭᠤᠨ ᠪᠥᠭᠡᠳ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ | ᠵᠠᠰᠠᠭ ᠤᠨ ᠶᠠᠪᠤᠳᠠᠯ ᠤᠨ ᠶᠡᠭᠡ ᠲᠠᠩᠬᠢᠮ ᠳᠤ ᠣᠷᠤᠭ᠎ᠠ ᠥᠬᠡᠶ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ | ᠣᠷᠣᠭᠤᠯᠵᠤ᠂ ᠬᠢᠨᠠᠨ ᠵᠥᠪᠰᠢᠶᠡᠷᠡᠬᠦ ᠡᠷᠬᠡ ᠶᠢ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | | ᠳᠠᠷᠠᠭ᠎ᠠ ᠨᠢ᠂ ᠶᠠᠨ ᠢ ᠨᠡᠷ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠤ ᠬᠦᠷᠴᠦ᠂ ᠮᠠᠨ ᠤ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠲᠡᠷᠡ ᠵᠢᠭᠠᠵᠤ ᠭᠠᠷᠭᠠᠭᠰᠠᠨ ᠨᠢ᠂ | ᠣᠳᠣᠬᠠᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠵᠢᠯ ᠳᠤ ᠠᠯᠳᠠᠭ᠎ᠠ ᠣᠷᠤᠰᠢᠵᠤ ᠪᠠᠶᠢᠭ᠎ᠠ ᠶᠢᠨ | ᠦᠨᠳᠦᠰᠦᠨ ᠰᠢᠯᠲᠠᠭᠠᠨ ᠪᠣᠯ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠲᠦᠭᠰᠢᠭᠦᠷᠢ ᠪᠣᠯᠤᠨ᠎ᠠ᠃ ᠲᠡᠷᠡ | ᠴᠢᠬᠤᠯᠠᠴᠢᠯᠠᠭᠰᠠᠨ ᠨᠢ᠂ ᠠᠯᠳᠠᠭ᠎ᠠ ᠪᠤᠷᠤᠭᠤ ᠳᠤ ᠴᠢᠭᠯᠡᠭᠦᠯᠦᠨ᠂ ᠲᠣᠭᠲᠠᠴᠠ ᠶᠢ ᠲᠡᠭᠦᠯᠳᠡᠷᠵᠢᠭᠦᠯᠬᠦ᠂ ᠶᠠᠪᠤᠴᠠ ᠶᠢ | ᠰᠢᠯᠢᠳᠡᠭᠵᠢᠭᠦᠯᠬᠦ᠂ ᠠᠵᠢᠯᠲᠠᠨ ᠤ ᠬᠠᠮᠢᠶᠠᠷᠤᠯᠲᠠ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠠᠭᠤᠷᠢ | ᠮᠥᠩᠭᠦᠨ ᠤ ᠭᠤᠭᠤᠵᠢᠵᠤ ᠭᠡᠭᠡᠭᠳᠡᠬᠦ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠬᠦ ᠬᠡᠷᠡᠭᠲᠡᠢ᠂ | ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠪᠡᠷᠮᠢᠴᠡ ᠣᠨᠴᠠᠯᠢᠭ ᠲᠠᠢ ᠲᠣᠪᠶᠤᠭ ᠲᠣᠭᠲᠠᠭᠠᠵᠤ᠂ | ᠪᠦᠯᠦᠭ ᠪᠦᠯᠦᠭ ᠬᠤᠪᠢᠶᠠᠵᠤ ᠭᠠᠷᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠭᠠᠷᠲᠠᠨ | ᠭᠦᠢᠴᠡᠳᠬᠡᠬᠦ ᠲᠦᠭᠰᠢᠭᠦᠷᠢ ᠠᠴᠠ ᠤᠯᠠᠮ ᠨᠢᠭᠡ ᠠᠯᠬᠤᠮ ᠵᠠᠶᠢᠯᠠᠬᠤ ᠬᠡᠷᠡᠭᠲᠡᠶ︔ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠭᠠᠷᠲᠠᠨ ᠭᠦᠢᠴᠡᠳᠬᠡᠬᠦ ᠦᠢᠯᠡᠴᠢᠯᠡᠭᠡ᠂ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ᠂ ᠨᠡᠶᠢᠭᠡᠮ ᠤᠨ ᠳᠠᠭᠠᠳᠬᠠᠯ ᠤᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠠᠶᠢᠴᠠᠭᠠᠨ ᠰᠤᠳᠤᠯᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ᠲᠣᠰ ᠤᠳᠠᠭᠠᠨ ᠤ ᠪᠠᠶᠢᠴᠠᠭᠠᠨ | ᠰᠣᠳᠤᠯᠤᠯᠲᠠ ᠬᠢᠵᠦ ᠰᠢᠮᠳᠠᠭᠤᠯᠤᠨ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ | ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠬᠠᠮᠢᠶᠠᠷᠤᠯᠲᠠ ᠶᠢᠨ ᠠᠵᠢᠯ ᠢ ᠨᠠᠩ ᠰᠠᠶᠢᠲᠤᠷ ᠬᠢᠬᠦ | ᠪᠣᠯᠤᠨ᠎ᠠ᠃ |