ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠬᠴᠢ | ᠦᠷᠴᠠᠶᠢᠬᠤ︶ ᠣᠶᠢᠷ᠎ᠠ ᠳᠤ᠂ ᠬᠦᠬᠡᠬᠤᠳᠠ ᠶᠢᠨ 12396 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠴᠢᠯᠡᠭᠡ ᠶᠢᠨ ᠤᠳᠠᠰᠤ ᠵᠢᠩᠬᠢᠨᠢ ᠪᠠᠷ ᠨᠡᠪᠲᠡᠷᠡᠪᠡ᠃ ᠲᠠᠷᠢᠶᠠᠴᠢᠳ ᠲᠠᠷᠢᠶᠠᠯᠠᠩ ᠦᠢᠯᠡᠳᠪᠦᠷᠢᠯᠡᠯ ᠳᠤᠮᠳᠠ | ᠲᠤᠬᠢᠶᠠᠯᠳᠤᠬᠰᠠᠨ ᠡᠯ᠎ᠡ ᠵᠦᠢᠯ ᠤᠨ ᠬᠦᠴᠢᠷ ᠠᠰᠠᠭᠤᠳᠠᠯ ᠢᠶᠠᠨ ᠲᠤᠰ ᠤᠳᠠᠰᠤ ᠪᠠᠷ ᠲᠠᠮᠵᠢᠨ ᠮᠡᠷᠭᠡᠵᠢᠯ ᠤᠨ | ᠵᠦᠪᠯᠡᠯᠭᠡ ᠠᠪᠴᠤ᠂ ᠲᠤᠰᠠᠯᠠᠮᠵᠢ ᠬᠦᠷᠲᠡᠵᠦ ᠪᠣᠯᠣᠨ᠎ᠠ᠃ | 12396 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢᠨ ᠤᠳᠠᠰᠤ ᠪᠤᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠡᠭᠦᠷᠭᠡ ᠴᠢᠳᠠᠪᠬᠢ ᠪᠠᠨ ᠬᠤᠪᠢᠷᠠᠭᠤᠯᠤᠨ᠂ ︽ᠲᠠᠷᠢᠶᠠᠴᠢᠨ ᠬᠦᠳᠡᠭᠡ | ᠠᠵᠤ ᠠᠬᠤᠢ ᠬᠦᠳᠡᠭᠡ ᠳᠤᠰᠬᠤᠨ︾ ᠳᠤ ᠦᠢᠯᠡᠴᠢᠯᠡᠵᠤ ᠪᠠᠶᠢᠭ᠎ᠠ ᠰᠢᠨ᠎ᠡ ᠠᠵᠢᠯ ᠤᠨ ᠬᠡᠯᠪᠡᠷᠢ ᠪᠠᠶᠢᠵᠤ᠂ | ᠲᠠᠷᠢᠶᠠᠯᠠᠩ ᠤᠨ ᠮᠡᠳᠡᠭᠡ ᠵᠠᠩᠬᠢᠴᠢᠯᠠᠯᠳᠠ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠣᠨ᠎ᠠ᠃ ᠲᠤᠰ ᠦᠢᠯᠡᠴᠢᠯᠡᠭᠡ ᠶᠢᠨ ᠤᠳᠠᠰᠤ ᠨᠢ ᠤᠳᠠᠰᠤ᠂ ᠲᠦᠷᠰᠦᠳᠦ | ᠪᠢᠴᠢᠯᠭᠡ ᠬᠤᠶᠠᠷ ᠲᠦᠷᠦᠯ ᠤᠨ ᠦᠢᠯᠡᠴᠢᠯᠡᠭᠡᠨ ᠤ ᠬᠡᠯᠪᠡᠷᠢ ᠪᠠᠷ ᠲᠠᠷᠢᠶᠠᠯᠠᠩ ᠦᠢᠯᠡᠳᠪᠦᠷᠢᠯᠡᠯ ᠤᠨ ᠮᠡᠷᠭᠡᠵᠢᠯ ᠤᠨ | ᠵᠦᠪᠯᠡᠯᠭᠡ᠂ ᠨᠤᠲᠠᠯᠠᠯᠲᠠ ᠶᠢᠨ ᠦᠢᠯᠡᠴᠢᠯᠡᠭᠡ ᠵᠡᠷᠭᠡ ᠪᠦᠬᠦ ᠲᠠᠯ᠎ᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠣᠨ᠎ᠠ᠃ | 12396 ᠤᠳᠠᠰᠤ ᠶᠢᠨ ᠨᠦᠭᠦᠭᠡ ᠲᠠᠯ᠎ᠠ ᠨᠢ ᠪᠤᠯ ᠬᠦᠬᠡᠬᠤᠳᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠤᠨᠴᠠ ᠲᠤᠮᠢᠯᠠᠬᠳᠠᠬᠴᠢ ᠶᠢᠨ ᠲᠤᠰᠬᠠᠢ ᠮᠡᠷᠭᠡᠵᠢᠯᠳᠡᠨ᠂ ᠨᠡᠶᠢᠳᠡ 500 ᠬᠦᠮᠦᠨ ᠢᠶᠠᠷ | ᠪᠦᠷᠢᠯᠳᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠬᠳᠠᠬᠴᠢ ᠶᠢᠨ ᠦᠢᠯᠡᠴᠢᠯᠡᠭᠡᠨ ᠤ | ᠪᠦᠯᠬᠦᠮ ᠪᠣᠯᠣᠨ᠎ᠠ᠃ ᠳᠡᠳᠡᠨ ᠤ ᠬᠦᠴᠦᠷᠬᠡᠭ ᠶᠡᠭᠡ ᠮᠡᠷᠭᠡᠵᠢᠯ ᠤᠨ ᠲᠤᠯᠭᠠᠭᠤᠷᠢᠯᠠᠯ ᠳᠤ ᠲᠦᠰᠢᠭᠯᠡᠨ᠂ ᠤᠳᠤ | ᠦᠶ᠎ᠡ ᠶᠢᠨ ᠰᠦᠯᠵᠢᠶᠡᠨ ᠤ ᠴᠢᠮᠡᠭᠡ ᠬᠤᠯᠪᠣᠭ᠎ᠠ ᠶᠢᠨ ᠮᠡᠷᠭᠡᠵᠢᠯ ᠢᠶᠠᠷ ᠳᠠᠮᠵᠢᠨ ᠦᠢᠯᠡᠴᠢᠯᠡᠭᠡᠨ ᠤ ᠤᠳᠠᠰᠤ ᠪᠠᠷ | ᠬᠤᠯᠪᠤᠭᠠᠰᠤ ᠪᠤᠯᠭᠠᠵᠤ᠂ ᠬᠠᠷᠢᠯᠴᠠᠨ ᠨᠡᠪᠳᠡᠷᠡᠯᠴᠡᠬᠦ ᠬᠦᠬᠦᠷᠭᠡ ᠶᠢ ᠪᠤᠰᠬᠠᠵᠤ᠂ ᠴᠠᠭ ᠲᠤᠬᠠᠢ ᠳᠤᠨᠢ | ᠲᠠᠷᠢᠶᠠᠴᠢᠳ ᠤᠨ ᠲᠠᠷᠢᠶᠠᠯᠠᠩ ᠦᠢᠯᠡᠳᠪᠦᠷᠢᠯᠡᠯ ᠳᠤᠮᠳᠠ ᠲᠤᠬᠢᠶᠠᠯᠳᠤᠬᠰᠠᠨ ᠠᠰᠠᠭᠤᠳᠠᠯ ᠢ ᠰᠢᠢᠳᠪᠦᠷᠢᠯᠡᠵᠤ᠂ | ᠲᠠᠷᠢᠶᠠᠯᠠᠩ ᠤᠨ ᠤᠨᠠᠯᠲᠠ ᠶᠢ ᠳᠡᠭᠡᠭᠰᠢᠯᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠠᠭᠢᠭᠤᠯᠵᠤ᠂ ᠬᠥᠬᠡᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠦᠴᠦᠳᠦ ᠪᠠᠲᠤᠯᠠᠭ᠎ᠠ ᠬᠠᠩᠭᠠᠬᠤ | ᠪᠣᠯᠣᠨ᠎ᠠ᠃ |