ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ︽ᠨᠢᠭᠡ ᠴᠡᠭ ᠲᠤ ᠳᠠᠩᠰᠠᠯᠠᠨ ᠲᠡᠮᠳᠡᠭᠯᠡᠭᠦᠯᠵᠦ᠂ ᠪᠦᠬᠦ ᠰᠦᠯᠵᠢᠶᠡᠨ ᠳᠡᠭᠡᠷ᠎ᠡ ᠨᠡᠪᠲᠡᠷᠡᠨ ᠭᠦᠢᠴᠡᠳᠬᠡᠵᠦ ᠪᠣᠯᠬᠤ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020-03-10
      ︵ᠰᠤᠷᠪᠤᠯᠵᠢᠯᠠᠭᠴᠢ ᠯᠢᠦ ᠯᠢ ᠰᠢᠶᠠ︶  ᠣᠶᠢᠯᠠᠭᠠᠭᠰᠠᠨ ᠢᠶᠠᠷ᠂ ᠣᠷᠴᠢᠮᠬᠠᠨ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠪᠣᠯᠣᠨ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠡᠶ᠎ᠡ ᠶᠢᠨ ᠭᠡᠷᠡᠴᠢᠯᠡᠯ ᠢ ᠨᠢᠭᠡᠳᠦᠯᠲᠡᠢ ᠰᠢᠯᠭᠠᠬᠤ ᠰᠢᠰᠲ᠋ᠧᠮ ᠢ ᠠᠮᠵᠢᠯᠲᠠ ᠲᠠᠢ ᠵᠣᠯᠭᠠᠭᠤᠯᠪᠠ᠂ ᠠᠵᠤ ᠠᠬᠤᠶᠢᠯᠠᠯ ᠪᠣᠯᠣᠨ ᠣᠯᠠᠨ ᠲᠦᠮᠡᠨ ᠬᠤᠷᠢᠨᠭᠡᠷ ᠰᠢᠨ᠎ᠡ ᠲᠣᠭᠤᠷᠢᠭ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠢᠩᠬᠢᠮ ᠢᠶᠠᠷ ᠳᠠᠮᠵᠢᠨ ︽ᠨᠢᠭᠡ ᠭᠠᠵᠠᠷ ᠳᠠᠩᠰᠠᠯᠠᠭᠤᠯᠵᠤ᠂ ᠡᠯ᠎ᠡ ᠭᠠᠵᠠᠷ ᠪᠦᠷ ᠮᠡᠳᠡᠷᠡᠬᠦ︾ ᠪᠠ ︽ᠨᠢᠭᠡ ᠤᠳᠠᠭ᠎ᠠ ᠰᠢᠯᠭᠠᠭᠤᠯᠵᠤ᠂ ᠪᠦᠬᠦ ᠰᠦᠯᠵᠢᠶᠡᠨ ᠳᠤ ᠭᠦᠢᠴᠡᠳᠬᠡᠬᠦ︾ ᠶᠢ ᠪᠡᠶᠡᠯᠡᠭᠦᠯᠪᠡ᠃       ᠲᠠᠨᠢᠯᠴᠠᠭᠤᠯᠤᠭᠰᠠᠨ ᠢᠶᠠᠷ᠂ ᠪᠡᠶ᠎ᠡ ᠶᠢᠨ ᠭᠡᠷᠡᠴᠢᠯᠡᠯ ᠢ ᠨᠢᠭᠡᠳᠦᠯᠲᠡᠢ ᠰᠢᠯᠭᠠᠬᠤ ᠲᠠᠪᠴᠠᠩ ᠪᠣᠯ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠰᠣᠯᠢᠯᠴᠠᠵᠤ ᠬᠠᠮᠲᠤᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠬᠡᠷᠡᠭᠯᠡᠭᠴᠢ ᠶᠢᠨ ᠨᠢᠭᠡᠳᠦᠯᠲᠡᠢ ᠬᠠᠮᠢᠶᠠᠷᠤᠯᠲᠠ᠂ ᠭᠡᠷᠡᠴᠢᠯᠡᠯ ᠤᠨ ᠨᠢᠭᠡᠳᠦᠯᠲᠡᠢ ᠬᠠᠮᠢᠶᠠᠷᠤᠯᠲᠠ᠂ ᠭᠠᠭᠴᠠ ᠴᠡᠭ ᠲᠤ ᠲᠡᠮᠳᠡᠭᠯᠡᠬᠦ ᠬᠠᠮᠢᠶᠠᠷᠤᠯᠲᠠ᠂ ᠲᠠᠷᠠᠬᠠᠢ ᠬᠡᠯᠪᠡᠷᠢ ᠶᠢᠨ ᠡᠷᠬᠡ ᠣᠯᠭᠤᠬᠤ ᠬᠠᠮᠢᠶᠠᠷᠤᠯᠲᠠ᠂ ᠠᠶᠤᠯᠭᠦᠢ ᠶᠢᠨ ᠬᠢᠨᠠᠨ ᠪᠤᠳᠤᠯᠲᠠ ᠶᠢᠨ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠨᠢᠭᠡᠳᠦᠯ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠨ ᠪᠠᠶᠢᠭᠤᠯᠤᠭᠰᠠᠨ ᠪᠡᠶ᠎ᠡ ᠶᠢᠨ ᠭᠡᠷᠡᠴᠢᠯᠡᠯ ᠤᠨ ᠰᠢᠰᠲ᠋ᠧᠮ ᠪᠠᠶᠢᠵᠤ᠂ ᠲᠥᠪᠯᠡᠷᠡᠭᠦᠯᠦᠨ ᠴᠤᠭᠯᠠᠷᠠᠭᠤᠯᠵᠤ᠂ ᠲᠥᠪᠯᠡᠷᠡᠭᠦᠯᠦᠨ ᠦᠢᠯᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠳᠤ ᠨᠢᠭᠡᠳᠦᠯᠲᠡᠶ ᠬᠡᠷᠡᠭᠯᠡᠭᠴᠢ ᠶᠢᠨ  ᠲᠠᠩᠰᠠᠯᠠᠯᠲᠠ᠂ ᠲᠡᠮᠳᠡᠭᠯᠡᠭᠦᠯᠬᠦ ᠶᠢᠨ ᠭᠡᠷᠡᠴᠢᠯᠡᠭᠡ ᠵᠢᠴᠢ ᠦᠨᠡᠨ ᠨᠡᠷ᠎ᠡ ᠪᠠᠷ ᠬᠢᠨᠠᠨ ᠰᠢᠯᠭᠠᠬᠤ ᠴᠢᠳᠠᠮᠵᠢ ᠶᠢ ᠬᠠᠩᠭᠠᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠶᠢᠳᠬᠡᠨ ᠬᠠᠮᠲᠤ ᠪᠠᠷ ᠡᠳ᠋ᠯᠡᠬᠦ ᠶᠢ ᠠᠬᠢᠭᠤᠯᠤᠨ᠂ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠠᠷᠠᠳ ᠤᠨ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠭᠡᠷᠡᠴᠢᠯᠡᠯ ᠢ ᠨᠢᠭᠡᠳᠦᠯᠲᠡᠢ ᠰᠢᠯᠭᠠᠬᠤ ᠰᠢᠰᠲ᠋ᠧᠮ ᠲᠠᠢ ᠠᠮᠵᠢᠯᠲᠠ ᠲᠠᠢ ᠵᠣᠯᠭᠠᠯᠳᠤᠭᠰᠠᠨ ᠨᠢ᠂ ᠬᠤᠷᠢᠨᠭᠡᠷ ᠰᠢᠨ᠎ᠡ ᠲᠣᠭᠤᠷᠢᠭ ᠲᠤ ᠠᠵᠢᠯ ᠭᠦᠢᠴᠡᠳᠬᠡᠬᠦ ᠬᠡᠷᠡᠭᠯᠡᠭᠴᠢ  ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠣᠷᠣᠨ ᠪᠦᠰᠡ ᠠᠯᠤᠰᠯᠠᠵᠤ᠂ ᠲᠡᠰ ᠳᠠᠪᠬᠤᠷᠭ᠎ᠠ ᠠᠯᠤᠰᠯᠠᠨ ᠮᠡᠳᠡᠭᠡ ᠵᠠᠩᠭᠢ ᠪᠠᠨ ᠰᠢᠯᠭᠠᠭᠤᠯᠬᠤ  ᠪᠤᠯᠤᠭᠰᠠᠨ ᠢ ᠬᠠᠷᠠᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠭᠦᠢᠴᠡᠳᠬᠡᠬᠦ ᠳᠡᠭᠡᠨ ᠠᠳᠠᠯᠢ ᠪᠤᠰᠤ ᠰᠢᠰᠲ᠋ᠧᠮ ᠳᠡᠭᠡᠷ᠎ᠡ ᠣᠯᠠᠨ ᠤᠳᠠᠭ᠎ᠠ ᠳᠠᠩᠰᠠᠯᠠᠭᠤᠯᠬᠤ᠂ ᠮᠡᠳᠡᠭᠡ ᠵᠠᠩᠭᠢ  ᠪᠠᠨ ᠳᠠᠬᠢᠨ ᠳᠠᠪᠲᠠᠨ ᠲᠡᠮᠳᠡᠭᠯᠡᠭᠦᠯᠬᠦ᠂ ᠨᠠᠭᠠᠰᠢ ᠴᠠᠭᠠᠰᠢ ᠣᠯᠠᠨ ᠤᠳᠠᠭ᠎ᠠ ᠭᠦᠶᠦᠬᠦ ᠵᠡᠷᠭᠡ ︽ᠭᠡᠷᠡᠴᠢ ᠬᠢᠯᠭᠡᠬᠦ ᠨᠢ ᠣᠯᠠᠨ᠂ ᠠᠵᠢᠯ ᠭᠦᠢᠴᠡᠳᠬᠡᠬᠦ ᠳᠤ ᠬᠦᠴᠢᠷ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠨᠢᠭᠡ ᠭᠠᠵᠠᠷ ᠳᠠᠩᠰᠠᠯᠠᠭᠤᠯᠵᠤ᠂ ᠪᠦᠬᠦ ᠰᠦᠯᠵᠢᠶᠡᠨ ᠳᠤ ᠭᠦᠢᠴᠡᠳᠬᠡᠬᠦ︾ ᠶᠢ ᠪᠡᠶᠡᠯᠡᠭᠦᠯᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号