ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ | ᠲᠥᠯᠥᠭᠡ᠂ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠬᠤᠸᠠ ᠬᠤᠷᠢᠶ᠎ᠠ ᠳᠤ | ᠭᠦᠨᠵᠡᠭᠡᠶᠢᠷᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠬᠰᠠᠨ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠲᠤᠬᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ | ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠢᠨᠵᠢᠯᠡᠬᠦ | ᠤᠬᠠᠭᠠᠨᠴᠢ ᠪᠠᠷ ᠣᠷᠣᠯᠴᠠᠭᠤᠯᠪᠠ᠃ | | | | | | | | | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠯᠭᠡᠭᠦᠷᠭᠡ ︵ᠤᠬᠠᠭᠤᠯᠭ᠎ᠠ ᠶᠢᠨ ᠪᠤᠯᠤᠩ︶ ᠶᠢ | ᠠᠰᠢᠭᠯᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠶᠢ | ᠤᠬᠠᠭᠤᠯᠵᠤ᠂ 3 ᠢᠵᠢ ᠤᠬᠠᠭᠤᠯᠭ᠎ᠠ ᠶᠢᠨ ᠵᠠᠷᠯᠠᠯ ᠰᠢᠨᠵᠢᠯᠡᠬᠦ ᠤᠬᠠᠭᠠᠨ ᠤ ᠰᠡᠷᠭᠡᠶᠢᠯᠡᠯᠲᠡ ᠶᠢᠨ ᠬᠠᠭᠤᠳᠠᠰᠤ᠂ ᠬᠡᠷ | ᠪᠦᠯᠢ ᠶᠢᠨ ᠬᠠᠭᠤᠳᠠᠰᠤ᠂ ᠰᠡᠳᠭᠢᠴᠡ ᠶᠢᠨ ᠬᠠᠭᠤᠳᠠᠰᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠳᠠᠶᠢᠨ ᠤ ︽ᠬᠢᠵᠢᠭ︾ ᠢ ᠯᠠᠪᠲᠠᠶ ᠢᠯᠠᠬᠤ ᠵᠢᠴᠢ ᠪᠡᠭᠡᠵᠢᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ ᠵᠡᠷᠭᠡ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠪᠤᠯᠤᠨ᠎ᠠ᠃ | | | | | | | | | | | | | | | | | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠠᠶᠢᠭᠤᠯᠤᠯᠭ᠎ᠠ ᠶᠢᠨ ᠨᠠᠮ ᠤᠨ | ᠬᠤᠷᠢᠶᠠᠨ ᠤ ᠱᠦᠵᠢ ᠯᠢᠦᠢ ᠯᠢ ᠫᠢᠩ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠷᠠᠭᠠᠰᠤ ᠠᠴᠠ ᠲᠢᠲᠢᠮᠯᠢᠭ | ᠬᠡᠯᠪᠡᠷᠢᠲᠦ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠤᠬᠠᠭᠤᠯᠭ᠎ᠠ ᠶᠢᠨ ᠮᠡᠳᠡᠭᠡ ᠵᠠᠩᠭᠢ ᠶᠢ ᠤᠯᠠᠨ ᠠᠷᠭ᠎ᠠ | ᠵᠠᠮ ᠢᠶᠠᠷ ᠰᠠᠶᠢᠲᠤᠷ ᠨᠡᠶᠢᠲᠡᠯᠡᠪᠡ᠃ ᠨᠢᠭᠡ ᠳᠤ ᠲᠥᠯᠥᠭᠡᠯᠡᠬᠦ ᠴᠢᠨᠠᠷᠲᠠᠶ᠂ ᠨᠥᠯᠥᠭᠡᠯᠡᠬᠦ ᠬᠦᠴᠦᠨ ᠢᠶᠠᠷ ᠥᠷᠭᠡᠨ | ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠣᠬᠤᠷ ᠬᠤᠭᠤᠴᠠᠭᠠᠨ | ᠳᠣᠲᠣᠷ᠎ᠠ ᠲᠢᠲᠢᠮᠯᠢᠭ ᠸᠢᠷᠦ᠋ᠰ ᠤᠨ ᠬᠢᠵᠢᠭ ᠢ ᠰᠡᠷᠭᠡᠶᠢᠯᠡᠬᠦ ᠲᠤᠬᠠᠶ ᠤᠬᠠᠭᠤᠯᠭ᠎ᠠ ᠬᠢᠯᠭᠡᠵᠦ᠂ ᠥᠷᠭᠡᠨ ᠣᠯᠠᠨ | ᠲᠦᠮᠡᠨ ᠢ ᠤᠷᠢᠶᠠᠯᠠᠵᠤ᠂ ᠰᠡᠷᠭᠡᠶᠢᠯᠡᠨ ᠬᠠᠮᠠᠭᠠᠯᠠᠬᠤ ᠪᠠᠨ ᠦᠷᠭᠦᠯᠵᠢᠯᠡᠨ ᠴᠢᠩᠭᠠᠳᠬᠠᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠡᠷᠡᠭᠲᠡᠶ ᠭᠡᠪᠡ᠃ ᠬᠤᠶᠠᠷ ᠲᠤ ᠣᠷᠣᠵᠤ ᠭᠠᠷᠬᠤ ᠰᠠᠭᠤᠭᠠᠯᠢ | ᠠᠷᠠᠳ ᠲᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠳᠠᠶᠢᠨ ᠤ ᠬᠢᠵᠢᠭ ᠤᠨ ᠵᠠᠪᠠᠯ ᠢᠯᠠᠬᠤ | ᠬᠠᠭᠤᠳᠠᠰᠤ ᠲᠠᠷᠬᠠᠭᠠᠵᠤ᠂ ᠥᠷᠭᠡᠨ ᠣᠯᠠᠨ ᠰᠠᠭᠤᠭᠠᠯᠢ ᠠᠷᠠᠳ ᠪᠣᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠰᠠᠳ ᠢ ᠳᠠᠶᠢᠴᠢᠯᠠᠨ ᠣᠯᠠᠨ ᠶᠠᠩᠵᠣ ᠶᠢᠨ ᠪᠠᠴᠢᠮ ᠪᠠᠶᠢᠳᠠᠯ ᠢ | ᠠᠷᠭᠠᠴᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠪᠠᠷ ᠵᠠᠰᠠᠬᠤ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠳᠡᠯᠭᠡᠷᠡᠭᠦᠯᠬᠦ ᠶᠢ ᠬᠤᠷᠢᠭᠯᠠᠨ | ᠵᠣᠭᠰᠣᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠤᠯᠳᠤᠭᠠᠨ ᠳᠤ ᠡᠷᠡᠰ | ᠢᠯᠠᠯᠲᠠ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ | ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ |