| | | 3 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠠᠵᠢᠯ ᠤᠨ | ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠬᠤᠷᠠᠯ ᠳᠤ ᠣᠷᠤᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ | ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ | ᠂ ᠨᠢᠭᠡ ᠯᠡ ᠠᠮᠢᠰᠬᠤᠭ᠎ᠠ ᠪᠠᠷ ᠬᠢᠵᠤ᠂ ᠴᠠᠭ ᠮᠥᠴᠡ ᠲᠠᠢ ᠤᠷᠤᠯᠳᠤᠨ ᠳᠠᠭᠠᠷᠢᠯᠲᠠ ᠬᠢᠵᠤ᠂ ᠪᠦᠬᠦ ᠬᠦᠴᠦᠨ ᠢᠶᠠᠷ | ᠪᠣᠭᠤᠮᠲᠠ ᠰᠢᠪᠲᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ | ᠬᠤᠭᠤᠴᠠᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠶᠢᠨ ᠴᠦᠨ ᠯᠢᠶᠠᠩ᠂ ᠡᠤ ᠸᠧᠨ ᠪᠢᠶᠣᠤ᠂ ᠵᠠᠩ ᠯᠢ ᠰᠢᠶᠠ | ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠦᠴᠤᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ᠂ ᠠᠤᠬᠠᠨ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠷᠢᠭᠤᠴᠠᠯᠭᠠᠲᠠᠨ | ᠨᠥᠬᠦᠳ ᠪᠣᠳᠤᠯ ᠰᠠᠨᠠᠯ ᠢᠶᠠᠨ ᠰᠣᠯᠢᠯᠴᠠᠵᠤ ᠦᠭᠡ ᠬᠡᠯᠡᠪᠡ᠃ | ᠱᠢ ᠲᠠᠢ ᠹᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ 7 ᠵᠢᠯ ᠭᠠᠷᠤᠢ ᠶᠢᠨ | ᠰᠢᠷᠭᠠᠭᠤ ᠴᠢᠷᠮᠠᠶᠢᠯᠠᠭ᠎ᠠ ᠪᠠᠷ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠪᠠ᠂ ᠠᠮᠵᠢᠯᠲᠠ ᠪᠥᠲᠦᠮᠵᠢ ᠬᠢᠯᠪᠠᠷ ᠪᠣᠰᠤ ᠪᠠᠷ ᠢᠷᠡᠭᠰᠡᠨ ᠶᠤᠮ᠃ | ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢᠶᠠᠨ ᠲᠡᠭᠦᠰ ᠠᠮᠵᠢᠯᠲᠠ | ᠰᠡᠭᠦᠯ ᠬᠤᠷᠢᠶᠠᠬᠤ ᠳᠤ ᠵᠠᠷᠢᠮ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠤ ᠪᠠᠰᠠ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠯᠡᠳᠡᠭᠰᠡᠨ ᠡᠭᠦᠷᠭᠡ ᠶᠢ ᠪᠡᠶᠡᠯᠡᠭᠦᠯᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠳᠤ | ᠪᠠᠭ᠎ᠠ ᠪᠤᠰᠤ ᠬᠦᠴᠢᠷᠳᠡᠯ ᠲᠤᠯᠭᠠᠷᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠰᠢᠭᠤᠳ ᠪᠠ ᠳᠠᠮ ᠢᠶᠠᠷ ᠤᠴᠠᠷᠠᠭᠤᠯᠬᠤ ᠨᠥᠯᠥᠭᠡ ᠶᠢ ᠣᠮᠳᠤᠭᠠᠶᠢᠯᠠᠵᠤ ᠪᠣᠯᠬᠤ ᠦᠭᠡᠢ᠃ ᠤᠳᠤ ᠶᠡᠷᠦᠩᠬᠡᠶ | ᠳᠠᠭᠠᠷᠢᠯᠲᠠ ᠬᠢᠬᠦ ᠪᠠ ᠰᠢᠢᠳᠪᠦᠷᠢᠲᠦ ᠳᠠᠶᠢᠯᠠᠯᠳᠤᠭᠠᠨ ᠬᠢᠬᠦ ᠵᠠᠩᠭᠢᠯᠠᠭ᠎ᠠ ᠶᠢᠨ ᠦᠶ᠎ᠡ ᠳᠤ ᠣᠷᠤᠭᠠᠳ ᠪᠠᠶᠢᠨ᠎ᠠ᠂ | ᠣᠭᠲᠣᠬᠠᠨ ᠴᠤ ᠵᠣᠭᠰᠣᠩᠭᠢᠷᠠᠵᠤ ᠪᠣᠯᠬᠤ ᠦᠭᠡᠢ᠂ ᠠᠯᠮᠠᠶᠢᠷᠠᠵᠤ ᠪᠣᠯᠬᠤ ᠦᠭᠡᠢ᠂ ᠰᠤᠯᠠᠷᠠᠭᠤᠯᠵᠤ ᠪᠣᠯᠬᠤ ᠦᠭᠡᠢ᠃ | ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠤᠢᠢᠯᠠᠭᠠᠨ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠤ᠂ ᠰᠢᠨᠵᠢᠯᠡᠬᠦ ᠤᠬᠠᠭᠠᠨᠴᠢ | ᠣᠨᠤᠴᠠᠲᠠᠢ ᠪᠠᠷ ᠠᠷᠭ᠎ᠠ ᠪᠤᠳᠤᠯᠭ᠎ᠠ ᠲᠣᠭᠲᠠᠭᠠᠵᠤ᠂ ᠴᠠᠭ ᠮᠥᠴᠡ ᠲᠠᠢ ᠤᠷᠤᠯᠳᠤᠨ ᠨᠠᠶᠢᠳᠠᠪᠤᠷᠢᠵᠢᠭᠤᠯᠤᠯᠲᠠ ᠶᠢ | ᠬᠦᠴᠦᠲᠡᠢ ᠠᠳᠬᠤᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠬᠡᠷᠡᠭᠲᠡᠢ᠃ | ᠱᠢ ᠲᠠᠢ ᠹᠧᠩ᠂ ᠫᠠᠶᠢᠰᠠ ᠡᠯᠭᠦᠵᠤ ᠳᠠᠶᠢᠯᠠᠯᠳᠤᠭᠠᠨ ᠢ ᠱᠠᠯᠠᠪᠳᠠᠭᠤᠯᠬᠤ ᠶᠢ ᠭᠦᠨᠵᠡᠭᠡᠢ ᠬᠡᠷᠡᠭᠵᠢᠭᠦᠯᠵᠦ᠂ ︽ | ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠤ ᠶᠠᠰᠤ ᠴᠢᠨᠠᠷ ᠢ ᠪᠠᠬᠢᠵᠢᠭᠦᠯᠦᠨ | ᠳᠡᠭᠡᠭᠰᠢᠯᠡᠭᠦᠯᠵᠦ᠂ ᠣᠨᠴᠠᠭᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠪᠠᠷ | ᠦᠨᠳᠦᠰᠦᠨ ᠵᠦᠢᠯ ᠢ ᠨᠢ ᠪᠠᠲᠤᠯᠠᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠦᠯᠡᠳᠡᠭᠰᠡᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠠᠷᠭ᠎ᠠ ᠪᠦᠬᠦᠨ ᠢ ᠰᠦᠪᠡᠭᠴᠢᠯᠡᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠶᠠᠳᠠᠭᠤ | ᠬᠦᠴᠢᠷᠳᠡᠯᠲᠡᠶ ᠬᠥᠳᠡᠯᠮᠦᠷᠢ ᠬᠦᠴᠦᠨ ᠤ ᠬᠦᠯᠦᠰᠦᠨ ᠠᠵᠢᠯ ᠬᠢᠵᠦ ᠠᠵᠢᠯ ᠣᠯᠬᠤ ᠶᠢ ᠤᠷᠢᠳᠠᠪᠠᠷ ᠳᠠᠮᠵᠢᠵᠤ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠳᠠᠷᠤᠭᠳᠠᠵᠤ ᠪᠣᠷᠣᠯᠠᠭᠤᠯᠭ᠎ᠠ ᠮᠠᠭᠤᠲᠠᠭᠰᠠᠨ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ ᠰᠢᠳᠪᠦᠷᠢᠯᠡᠵᠤ᠂ ᠶᠠᠳᠠᠭᠤ ᠶᠢ | ᠲᠡᠳᠬᠦᠬᠦ ᠠᠵᠤ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠲᠦᠷᠭᠡᠳᠬᠡᠨ | ᠠᠬᠢᠭᠤᠯᠵᠤ᠂ ᠬᠢᠵᠢᠭ ᠤᠨ ᠪᠠᠶᠢᠳᠠᠯ ᠠᠴᠠ ᠪᠣᠯᠵᠤ ᠶᠠᠳᠠᠭᠤᠷᠠᠬᠤ ᠪᠣᠶᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠠᠰᠠᠭᠤᠳᠠᠯ ᠢ ᠴᠠᠭ ᠲᠤᠬᠠᠢ ᠳᠤᠨᠢ | ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠡᠬᠢ ᠡᠭᠦᠰᠦᠯ ᠠᠴᠠ ᠨᠢ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃ | ᠱᠢ ᠲᠠᠢ ᠹᠧᠩ ᠴᠢᠬᠤᠯᠠᠴᠢᠯᠠᠭᠰᠠᠨ ᠨᠢ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠴᠢᠬᠤᠯᠠ ᠪᠠᠶᠢᠷᠢᠨ ᠳᠤ | ᠲᠠᠯᠪᠢᠵᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠤᠨᠳᠤ ᠪᠠᠶᠢᠭ᠎ᠠ | ᠠᠮᠠᠷᠬᠠᠨ ᠶᠠᠳᠠᠭᠤᠷᠠᠬᠤ ᠡᠷᠦᠬᠡ ᠵᠢᠴᠢ ᠣᠷᠣᠯᠭ᠎ᠠ ᠨᠢ ᠲᠥᠷᠭᠡᠨ ᠬᠠᠰᠤᠭᠳᠠᠭᠰᠠᠨ᠂ ᠵᠠᠷᠤᠯᠭ᠎ᠠ ᠨᠢ ᠲᠥᠷᠭᠡᠨ | ᠨᠡᠮᠡᠭᠳᠡᠭᠰᠡᠨ ᠡᠷᠦᠬᠡ ᠶᠢ ᠨᠢᠭᠲᠠ ᠮᠥᠷᠳᠡᠵᠦ᠂ ᠴᠠᠭ ᠲᠤᠬᠠᠶ ᠳᠤᠨᠢ ᠢᠯᠡᠷᠡᠭᠦᠯᠦᠨ᠂ ᠴᠠᠭ ᠲᠤᠬᠠᠶ ᠳᠤᠨᠢ ᠬᠠᠪᠰᠤᠷᠤᠨ | ᠲᠡᠳᠬᠦᠬᠦ ᠬᠡᠷᠡᠭᠲᠡᠢ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ | ᠠᠬᠢᠭᠤᠯᠵᠤ᠂ ᠠᠵᠤ ᠦᠢᠯᠡᠰ ᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ | ᠪᠠᠶᠠᠵᠢᠬᠤ ᠶᠢᠨ ᠣᠷᠭᠢᠯᠤᠮᠠᠯ ᠪᠤᠯᠠᠭ ᠪᠤᠯᠭᠠᠬᠤ ᠬᠡᠷᠡᠭᠲᠡᠢ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠢᠲᠡᠬᠡᠯ ᠵᠣᠷᠢᠭ ᠤᠶᠤᠨ ᠤᠬᠠᠭᠠᠨ ᠢᠶᠠᠷ ᠲᠡᠳᠬᠦᠬᠦ ᠶᠢ ᠭᠦᠨᠵᠡᠭᠡᠶᠢᠷᠡᠭᠦᠯᠵᠦ᠂ | ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠣᠲᠣᠭᠠᠳᠤ ᠬᠦᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠣᠨᠳᠣᠣ | ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠬᠦᠯᠵᠢᠯᠡᠨ ᠲᠡᠳᠬᠦᠬᠦ ᠢᠶᠠᠨ ᠴᠢᠩᠭᠠᠳᠬᠠᠨ᠂ ᠨᠡᠭᠦᠳᠡᠯ ᠠᠷᠠᠳ ᠤᠨ | ᠲᠣᠭᠲᠠᠪᠤᠷᠢᠵᠢᠵᠤ ᠳᠡᠶᠢᠯᠬᠦ ᠡᠰᠡᠬᠦ᠂ ᠠᠵᠢᠯ ᠣᠯᠵᠤ ᠳᠡᠶᠢᠯᠬᠦ᠂ ᠠᠯᠬᠤᠮ ᠠᠯᠬᠤᠮ ᠢᠶᠠᠷ ᠴᠢᠨᠡᠭᠡᠯᠢᠭᠵᠢᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ | ᠪᠠᠶᠢᠭᠤᠯᠭ᠎ᠠ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠪᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ | ᠲᠣᠭᠲᠠᠴᠠ ᠶᠢ ᠪᠠᠬᠢᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ︽ᠳᠥᠷᠪᠡ ᠶᠢ ᠥᠯᠥ | ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠡᠯᠡᠷᠡᠭᠦᠯᠦᠨ ᠪᠣᠭᠤᠮᠲᠠ ᠰᠢᠪᠲᠤᠯᠬᠤ | ᠬᠤᠭᠤᠴᠠᠭ᠎ᠠ ᠳᠠᠭᠤᠰᠤᠭᠰᠠᠨ ᠤ ᠰᠡᠭᠦᠯᠡᠷᠬᠢ ᠠᠵᠢᠯ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠰᠣᠳᠤᠯᠤᠨ | ᠲᠥᠯᠦᠪᠵᠢᠭᠦᠯᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠪᠡ᠃ | ᠱᠢ ᠲᠠᠢ ᠹᠧᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠤᠯᠬᠤ ᠪᠣᠯ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠰᠡᠭᠦᠯᠴᠢ ᠶᠢᠨ | ᠰᠢᠪᠲᠤᠷᠠᠭᠠᠨ ᠳᠠᠭᠠᠨ ᠣᠷᠤᠬᠤ ᠳᠣᠲᠤᠮ ᠨᠠᠮ ᠤᠨ ᠤᠳᠤᠷᠢᠳᠤᠯᠭ᠎ᠠ ᠶᠢ ᠤᠯᠠᠮ ᠴᠢᠩᠭᠠᠳᠬᠠᠨ ᠰᠠᠶᠢᠵᠢᠷᠠᠭᠤᠯᠬᠤ | ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠳᠬᠤᠬᠤ ᠶᠢ ︽ᠬᠤᠶᠠᠷ ᠢ ᠬᠠᠮᠠᠭᠠᠯᠠᠬᠤ | ︾ ᠶᠢ ᠰᠢᠯᠭᠠᠬᠤ ᠴᠢᠬᠤᠯᠠ ᠬᠡᠮᠵᠢᠭᠦᠷᠯᠢᠭ ᠪᠣᠯᠭᠠᠵᠤ᠂ ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ | ᠰᠠᠬᠢᠬᠤ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠵᠡᠷᠭᠡ ᠪᠠᠷ ᠠᠳᠬᠤᠬᠤ ᠶᠢ | ᠦᠡᠬᠦᠯᠵᠢᠯᠡᠨ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠶ᠃ | ᠰᠤᠷᠲᠠᠯ ᠤᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠷᠡᠰ | ᠡᠰᠡᠷᠭᠦᠴᠡᠵᠤ᠂ ᠠᠯᠢᠪᠠ ᠬᠥᠩᠭᠡᠪᠴᠢᠯᠡᠵᠤ ᠣᠮᠳᠤᠭᠠᠶᠢᠯᠠᠬᠤ ᠪᠣᠶᠤ ᠠᠷᠭᠠᠴᠠᠭᠠᠵᠤ ᠠᠯᠪᠠ ᠬᠠᠰᠢᠬᠤ ᠠᠵᠢᠯᠯᠠᠭ᠎ᠠ ᠶᠢ | ᠴᠥᠮ ᠬᠦᠯᠢᠴᠡᠵᠦ ᠪᠣᠯᠬᠤ ᠦᠭᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠴᠥᠮ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ | ᠤᠯᠬᠤ ᠡᠷᠴᠢ ᠵᠣᠷᠢᠭ ᠢᠶᠠᠨ ᠬᠥᠪᠴᠢᠯᠡᠵᠦ᠂ ᠢᠳᠡ ᠬᠦᠴᠦᠨ ᠭᠠᠷᠭᠠᠵᠤ᠂ ᠪᠦᠬᠦ ᠬᠦᠴᠦᠨ ᠢᠶᠠᠷ ᠢᠶᠠᠨ ᠬᠦᠴᠦᠯᠡᠨ | ᠲᠡᠮᠡᠴᠡᠵᠦ᠂ ᠶᠡᠭᠡ ᠳᠠᠶᠢᠯᠠᠯᠳᠤᠭᠠᠨ᠂ ᠶᠡᠭᠡ ᠰᠢᠯᠭᠠᠯᠲᠠ ᠶᠢᠨ ᠳᠤᠮᠳᠠ ᠨᠠᠮ ᠪᠠ ᠠᠷᠠᠳ ᠲᠦᠮᠡᠨ ᠳᠤ ᠰᠢᠯᠢᠳᠡᠭ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃ | ᠪᠦ᠋ ᠰᠢᠶᠤᠤ ᠯᠢᠨ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠶᠢ ᠤᠯᠬᠤ ᠶᠢᠨ | ᠴᠢᠬᠤᠯᠠ ᠴᠢᠨᠠᠷ ᠪᠡᠷᠬᠡ ᠬᠠᠲᠠᠭᠤᠵᠢᠯᠲᠤ ᠴᠢᠨᠠᠷ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠡᠩ ᠶᠡᠭᠡ ᠡᠷᠡᠰ ᠵᠣᠷᠢᠭ | ᠂ ᠨᠡᠩ ᠴᠢᠩᠭ᠎ᠠ ᠡᠷᠴᠢᠮ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠵᠢᠭᠰᠠᠭᠠᠨ ᠪᠠᠶᠢᠴᠠᠭᠠᠬᠤ ᠠᠵᠢᠯ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠣᠰᠤ | ᠡᠷᠦᠬᠡ᠂ ᠬᠤᠶᠠᠷ ᠤᠨ ᠬᠤᠭᠤᠷᠤᠨᠳᠤ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠵᠡᠷᠭᠡ ᠬᠥᠮᠦᠰ ᠤᠨ ᠬᠦᠳᠡᠯᠦᠩᠭᠦᠢ | ᠬᠢᠨᠠᠨ ᠬᠡᠮᠵᠢᠯᠲᠡ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ | ᠲᠡᠭᠦᠯᠳᠡᠷᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ |