ᠬᠢᠵᠢᠭ ᠤᠨ ᠪᠠᠶᠢᠳᠠᠯ ᠠᠷᠢᠯᠬᠤ ᠠᠴᠠ ᠡᠮᠦᠨ᠎ᠡ ᠬᠢᠵᠢᠭ ᠲᠠᠢ ᠲᠡᠮᠡᠴᠡᠬᠦ ᠪᠠᠨ ᠵᠣᠭᠰᠣᠬᠤ ᠦᠭᠡᠢ  ᠪᠦᠷᠢᠨ ᠢᠯᠠᠯᠲᠠ ᠣᠯᠬᠤ ᠠᠴᠠ ᠡᠮᠦᠨ᠎ᠡ ᠠᠮᠵᠢᠯᠲᠠ ᠣᠯᠣᠯ᠎ᠠ ᠭᠡᠵᠦ ᠬᠡᠯᠡᠬᠦ ᠦᠭᠡᠢ
ᠨᠡᠶᠢᠲᠡᠯᠡᠭᠰᠡᠨ ᠴᠠᠭ᠄
2020-03-11
ᠵᠣᠴᠢᠨ᠄ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠦ᠋ ᠴᠧᠩ ᠢᠨᠠᠮ ᠪᠠ ᠣᠯᠠᠨ ᠲᠦᠮᠡᠨ ᠤ ᠠᠯᠪᠠᠨ ᠭᠡᠷ ᠤᠨ ᠡᠷᠬᠢᠯᠡᠭᠴᠢ ᠳ᠋ᠦᠩ ᠷᠦᠢ ᠺᠠᠩᠵᠠᠰᠠᠮᠠᠯ ᠵᠠᠮ ᠤᠨ ᠰᠠᠯᠠᠭ᠎ᠠ ᠶᠢᠨ ᠳᠠᠷᠤᠭ᠎ᠠ ᠬᠤ᠋ ᠸᠧᠢ ᠬᠤᠸᠠᠲᠡᠭᠡᠭᠡᠪᠦᠷᠢ ᠶᠢᠨ ᠰᠠᠯᠠᠭ᠎ᠠ ᠶᠢᠨ ᠳᠠᠷᠤᠭ᠎ᠠ  ᠰᠢᠤᠸᠠᠢ ᠵᠧᠩ ᠴᠢᠠᠯᠪᠠᠨ ᠭᠡᠷ ᠤᠨ ᠡᠷᠬᠢᠯᠡᠭᠴᠢ ᠭᠡᠰᠢᠭᠦᠨ ᠯᠢ ᠷᠦᠢ ᠮᠢᠩᠵᠠᠮ ᠬᠠᠷᠢᠯᠴᠠᠭ᠎ᠠ ᠶᠢᠨ ᠶᠡᠷᠦᠩᠬᠡᠢ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠰᠢᠶᠧ ᠸᠧᠨ ᠶᠦᠨ      1. ᠬᠠᠮᠢᠶᠠᠷᠤᠭᠴᠢ      ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ  ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃        2. ᠬᠥᠲᠥᠯᠥᠭᠴᠢ       ᠲᠨ ᠬᠡᠷᠪᠡ ᠮᠠᠨ ᠤ ᠬᠤᠲᠠ ᠶᠢᠨ  ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠵᠢᠯ ᠳᠤ ᠶᠠᠮᠠᠷ ᠰᠠᠨᠠᠯ ᠰᠠᠨᠠᠭᠤᠯᠭ᠎ᠠ ᠡᠰᠡᠬᠦᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠠᠰᠠᠭᠤᠯᠲᠠ ᠪᠠᠶᠢᠪᠠᠯ ᠰᠦᠯᠵᠢᠶᠡᠨ ᠳᠡᠭᠡᠷ᠎ᠡ ᠦᠭᠡ ᠦᠯᠡᠳᠡᠭᠡᠵᠦ᠂ ᠵᠣᠴᠢᠨ ᠲᠠᠢ ᠶᠠᠷᠢᠯᠴᠠᠵᠤ ᠪᠣᠯᠣᠨ᠎ᠠ᠃      3. ᠬᠥᠲᠥᠯᠥᠭᠴᠢ      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠶᠢᠨ  ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠪᠣᠯᠣᠭᠰᠠᠨ ᠤ ᠬᠤᠪᠢ ᠳᠤ ᠵᠠᠮ ᠤᠨ ᠪᠣᠭᠤᠮᠲᠠ᠂ ︽ᠨᠢᠭᠡ ᠪᠠᠭᠤᠳᠠᠯ ᠬᠤᠶᠠᠷ ᠥᠷᠲᠡᠭᠡ︾᠂ ᠨᠠᠮ ᠤᠨ ᠭᠡᠰᠢᠭᠦᠨ ᠤ ᠬᠤᠰᠢᠭᠤᠴᠢ ᠠᠩᠭᠢ ᠳᠡᠭᠡᠷ᠎ᠡ ᠴᠥᠮ ᠰᠠᠶᠢᠨ ᠦᠢᠯᠡᠳᠦᠯ ᠦᠵᠡᠭᠦᠯᠪᠡ᠂  ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠶᠡᠷᠦᠩᠬᠡᠢ ᠠᠵᠢᠯ ᠢ ᠶᠠᠷᠢᠵᠤ ᠥᠭᠬᠦ ᠪᠣᠯᠪᠠ ᠦᠦ  ︖      4. ᠦ᠋ ᠴᠧᠩ ᠢ      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠮᠠᠨ ᠤ ᠲᠣᠪᠴᠢᠶ᠎ᠠ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠲᠣᠭᠲᠠᠭᠠᠵᠤ᠂ ᠵᠠᠮ ᠬᠠᠷᠢᠯᠴᠠᠭ᠎ᠠ ᠶᠢ ᠪᠠᠲᠤᠯᠠᠬᠤ ᠳᠤᠭᠤᠶᠢᠯᠠᠩ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠠᠵᠢᠯ ᠤᠨ ᠲᠣᠭᠲᠠᠴᠠ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤᠬᠢ ᠬᠠᠮᠲᠤᠷᠠᠯᠴᠠᠭ᠎ᠠ ᠶᠢ ᠴᠢᠩᠭᠠᠳᠬᠠᠨ᠂ ᠬᠤᠲᠠ ᠳᠤ ᠣᠷᠣᠬᠤ ᠨᠢᠭᠡᠳᠦᠭᠡᠷ ᠪᠣᠭᠤᠮᠲᠠ ᠶᠢ ᠴᠢᠩᠭ᠎ᠠ ᠰᠠᠬᠢᠵᠤ᠂ ᠬᠤᠲᠠ ᠶᠢᠨ ᠢᠷᠭᠡᠳ ᠤᠨ ᠶᠠᠪᠤᠵᠤ ᠰᠠᠭᠤᠬᠤ ᠱᠠᠭᠠᠷᠳᠠᠯᠭ᠎ᠠ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠵᠥᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠤᠨ ᠠᠮᠢᠳᠤᠷᠠᠯ ᠤᠨ ᠡᠳ᠋ ᠪᠣᠳᠠᠰ᠂ ᠰᠡᠷᠭᠡᠶᠢᠯᠡᠨ ᠡᠵᠡᠮᠳᠡᠬᠦ ᠡᠮ ᠲᠠᠩ᠂ ᠲᠣᠨᠤᠭ ᠲᠥᠬᠦᠭᠡᠷᠦᠮᠵᠢ ᠵᠡᠷᠭᠡ ᠶᠢᠨ ᠵᠥᠭᠡᠭᠡᠪᠦᠷᠢ ᠶᠢᠨ ᠬᠡᠷᠡᠭᠴᠡᠭᠡ ᠶᠢ ᠪᠠᠲᠤᠯᠠᠪᠠ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠤᠭᠰᠠᠨ ᠨᠢ ᠣᠷᠣᠭᠤᠯᠤᠯᠲᠠ ᠶᠢᠨ ᠴᠢᠨᠠᠷᠲᠠᠢ ᠬᠢᠵᠢᠭ ᠤᠨ ᠪᠠᠶᠢᠳᠠᠯ ᠤᠨ ᠬᠤᠲᠠ ᠳᠤ ᠣᠷᠣᠬᠤ ᠶᠢ ᠰᠡᠷᠭᠡᠶᠢᠯᠡᠬᠦ ᠨᠢᠭᠡᠳᠦᠭᠡᠷ ᠬᠤᠷᠢᠭᠯᠠᠯᠲᠠ ᠶᠢᠨ ᠱᠤᠭᠤᠮ ᠤᠨ ᠭᠤᠣᠯᠯᠠᠭᠴᠢ ᠬᠦᠴᠦᠨ ᠪᠣᠯᠪᠠ᠃      5. ᠬᠥᠲᠥᠯᠥᠭᠴᠢ      ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤ ᠦᠶ᠎ᠡ ᠳᠤ ᠣᠷᠣᠵᠤ᠂ ︽ᠭᠠᠳᠠᠨ᠎ᠠ ᠪᠠᠨ ᠣᠷᠣᠵᠤ ᠢᠷᠡᠬᠦ ᠪᠠ ᠭᠠᠷᠬᠤ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠡᠯᠭᠡᠷᠡᠨ ᠲᠠᠷᠬᠠᠭᠠᠬᠤ ᠶᠢ ᠰᠡᠷᠭᠡᠶᠢᠯᠡᠬᠦ︾ ᠵᠠᠷᠴᠢᠮ ᠶᠣᠰᠣᠭᠠᠷ᠂ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢ ᠰᠡᠷᠭᠦᠭᠡᠬᠦ ᠬᠤᠶᠠᠷ ᠲᠠᠯ᠎ᠠ ᠶᠢᠨ ᠠᠵᠢᠯ ᠢ ᠬᠠᠪᠰᠤᠷᠭᠠᠬᠤ ᠲᠠᠯ᠎ᠠ ᠪᠠᠷ ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠵᠢᠯ ᠬᠢᠬᠦ ᠲᠤᠬᠠᠢ ᠶᠠᠷᠢᠵᠤ ᠥᠭᠭᠦᠨ᠎ᠡ ᠦᠦ︖      6. ᠦ᠋ ᠴᠧᠩ ᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠦᠨ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠵᠠᠮ ᠬᠠᠷᠢᠯᠴᠠᠭᠠᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢ ᠰᠡᠷᠭᠦᠭᠡᠬᠦ ᠠᠵᠢᠯ ᠤᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠴᠢᠨᠠᠭᠰᠢᠳᠠ ᠳᠣᠣᠷᠠᠬᠢ ᠬᠡᠳᠦᠨ ᠲᠠᠯ᠎ᠠ ᠶᠢ ᠰᠠᠶᠢᠲᠤᠷ ᠬᠢᠨ᠎ᠡ᠄      ᠨᠢᠭᠡ ᠳᠤ᠂  ᠪᠠᠳᠤᠯᠠᠭ᠎ᠠ ᠶᠢᠨ ᠠᠵᠢᠯ ᠢ  ᠪᠤᠳᠠᠳᠠᠢ  ᠵᠤᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ   ᠦᠨᠡᠨᠬᠦ ᠨᠠᠶᠢᠳᠠᠪᠤᠷᠢᠵᠢᠭᠤᠯᠤᠨ᠎ᠠ       ︽ᠨᠢᠭᠡ ᠶᠢ ᠲᠠᠰᠤᠯᠵᠤ ᠭᠤᠷᠪᠠ ᠶᠢ ᠲᠠᠰᠤᠯᠬᠤ ᠦᠭᠡᠢ︾ ᠶᠡᠷᠦᠩᠬᠡᠢ ᠱᠠᠭᠠᠷᠳᠠᠯᠭ᠎ᠠ ᠶᠢᠨ ᠶᠣᠰᠣᠭᠠᠷ᠂ ᠰᠡᠷᠭᠡᠶᠢᠯᠡᠨ ᠡᠵᠡᠮᠳᠡᠬᠦ ᠪᠠ ᠲᠡᠭᠡᠭᠡᠪᠦᠷᠢ ᠶᠢᠨ ᠠᠵᠢᠯ ᠢ ᠬᠠᠮᠲᠤ ᠳᠤᠨᠢ ᠰᠠᠶᠢᠨ ᠬᠢᠬᠦ᠂ ᠲᠥᠷᠥᠯ ᠬᠤᠪᠢᠶᠠᠨ ᠵᠢᠯᠣᠭᠤᠳᠬᠤ᠂ ᠭᠤᠣᠯᠳᠠᠯᠭ᠎ᠠ ᠶᠢ ᠳᠣᠪᠣᠶᠢᠯᠭᠠᠬᠤ᠂ ᠨᠠᠷᠢᠨ ᠨᠢᠭᠲᠠ ᠪᠠᠶᠢᠷᠢᠰᠢᠭᠤᠯᠬᠤ ᠵᠠᠷᠴᠢᠮ ᠢ ᠪᠠᠷᠢᠮᠲᠠᠯᠠᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠵᠢᠮᠲᠦ ᠵᠠᠮ ᠤᠨ ᠺᠣᠮᠫᠠᠨᠢ᠂ ᠡᠯ᠎ᠡ ᠬᠤᠰᠢᠭᠤ ᠰᠢᠶᠠᠨ ᠲᠣᠭᠤᠷᠢᠭ ᠤᠨ ᠵᠢᠯᠣᠭᠤᠳᠬᠤ ᠭᠠᠵᠠᠷ ᠢᠶᠠᠷ ᠪᠦᠷᠢᠯᠳᠦᠭᠰᠡᠨ ᠠᠵᠢᠯ ᠤᠨ ᠳᠤᠭᠤᠶᠢᠯᠠᠩ ᠪᠠᠶᠢᠭᠤᠯᠵᠤ᠂ ᠲᠡᠭᠡᠭᠡᠪᠦᠷᠢ ᠶᠢᠨ ᠦᠢᠯᠡᠴᠢᠯᠡᠭᠡ ᠢ ᠰᠡᠷᠭᠦᠭᠡᠬᠦ ᠠᠵᠢᠯ ᠢ ᠬᠠᠮᠲᠤᠷᠠᠨ ᠠᠬᠢᠭᠤᠯᠵᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠲᠤ ᠲᠡᠶᠢᠰᠢ ᠪᠠᠨ ᠦᠵᠦᠭᠦᠷ ᠬᠦᠷᠴᠦ ᠬᠥᠨᠳᠡᠯᠡᠨ ᠲᠡᠶᠢᠰᠢ ᠪᠠᠨ ᠬᠥᠪᠡᠭᠡ ᠬᠦᠷᠬᠦ ᠶᠢ ᠪᠠᠲᠤᠯᠠᠨ᠎ᠠ᠃      ᠬᠤᠶᠠᠷ ᠲᠤ᠂ ᠲᠡᠭᠡᠭᠡᠪᠦᠷᠢ ᠶᠢᠨ ᠦᠢᠯᠡᠴᠢᠯᠡᠭᠡ ᠶᠢ ᠰᠡᠷᠭᠦᠭᠡᠵᠦ᠂ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠳᠥᠭᠦᠮ ᠦᠵᠡᠭᠦᠯᠦᠨ᠎ᠡ       ︵1︶ ᠠᠶᠠᠨᠴᠢᠳ ᠤᠨ ᠡᠭᠡᠯᠵᠢ ᠶᠢᠨ ᠲᠡᠷᠭᠡ ᠶᠢᠨ ᠡᠵᠡᠩᠨᠡᠯᠲᠡ ᠶᠢ ᠰᠡᠷᠭᠦᠭᠡᠨ᠎ᠡ᠃ 2 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ ᠬᠤᠲᠠ ᠶᠢᠨ ᠲᠣᠭᠤᠷᠢᠭ ᠤᠨ 3 ᠠᠶᠠᠨᠴᠢᠳ ᠤᠨ ᠲᠡᠷᠭᠡᠨ ᠥᠷᠲᠡᠭᠡ ᠪᠠ ᠬᠤᠰᠢᠭᠤ ᠰᠢᠶᠠᠨ ᠤ ᠲᠡᠷᠭᠡᠨ ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ ᠣᠶᠢᠷ᠎ᠠ ᠣᠷᠴᠢᠮ ᠤᠨ ᠠᠶᠢᠮᠠᠭ ᠬᠤᠲᠠ ᠶᠢᠨ ᠬᠤᠭᠤᠷᠣᠨᠳᠤ᠂ ᠬᠤᠲᠠ ᠶᠢᠨ ᠲᠣᠭᠤᠷᠢᠭ ᠪᠣᠯᠣᠨ ᠬᠤᠰᠢᠭᠤ ᠰᠢᠶᠠᠨ ᠤ ᠬᠤᠭᠤᠷᠣᠨᠳᠤ ᠶᠢᠨ ᠠᠶᠠᠨᠴᠢᠨ ᠤ ᠲᠡᠷᠭᠡ ᠶᠢᠨ ᠵᠠᠮ ᠱᠤᠭᠤᠮ ᠢ ᠪᠦᠬᠦᠨ ᠢ ᠨᠡᠭᠡᠭᠡᠨ᠎ᠡ᠃ ᠠᠵᠢᠯ ᠳᠠᠭᠠᠨ ᠪᠤᠴᠠᠬᠤ ᠰᠤᠷᠭᠠᠭᠤᠯᠢ ᠳᠠᠭᠠᠨ ᠪᠤᠴᠠᠬᠤ ᠱᠠᠭᠠᠷᠳᠠᠯᠭ᠎ᠠ ᠪᠠᠷ ᠲᠡᠷᠭᠡ ᠬᠥᠯᠥᠰᠦᠯᠡᠭᠦᠯᠬᠦ ᠠᠵᠢᠯ ᠡᠷᠬᠢᠯᠡᠪᠡ᠃      ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠲᠡᠷᠭᠡᠨ ᠥᠷᠲᠡᠭᠡ᠂ ᠠᠶᠠᠨᠴᠢᠨ ᠤ ᠲᠡᠭᠡᠭᠡᠪᠦᠷᠢ ᠶᠢᠨ ᠠᠵᠤ ᠠᠬᠤᠶᠢᠯᠠᠯ ᠤᠳ ᠲᠡᠷᠭᠡ ᠨᠡᠪᠲᠡᠷᠡᠭᠡ ᠦᠭᠡᠢ ᠮᠤᠵᠢ ᠶᠢᠨ ᠬᠤᠭᠤᠷᠣᠨᠳᠤᠬᠢ ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠥᠬᠦᠴᠡᠯ ᠳᠤ ᠨᠡᠶᠢᠴᠡᠭᠰᠡᠨ ᠢ ᠳᠣᠣᠷ᠎ᠠ ᠨᠢ ᠰᠡᠷᠭᠦᠭᠡᠵᠦ᠂ ᠡᠷᠲᠡ ᠨᠢᠭᠡᠨ ᠡᠳᠦᠷ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃       ︵2︶ ᠲᠦᠷᠢᠶᠡᠰᠦᠨ ᠮᠠᠰᠢᠨ ᠤ  ᠠᠵᠢᠯ ᠲᠦᠷᠦᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠬᠡᠬᠤᠲᠠ ᠶᠢᠨ ᠲᠦᠷᠢᠶᠡᠰᠦᠨ ᠮᠠᠰᠢᠨ ᠡᠳᠦᠷ ᠪᠦᠷᠢ ᠪᠠᠷᠤᠭ 2800 ᠭᠠᠷᠤᠢ ᠲᠡᠷᠭᠡ ᠠᠵᠢᠯᠯᠠᠵᠤ᠂ ᠨᠡᠶᠢᠲᠡ 35.01 ᠬᠥᠮᠥᠨ ᠤᠳᠠᠭ᠎ᠠ ᠵᠥᠭᠡᠭᠡᠪᠦᠷᠢᠯᠡᠵᠦ᠂ ᠬᠤᠲᠠ ᠶᠢᠨ ᠢᠷᠭᠡᠳ ᠤᠨ ᠦᠨᠳᠦᠰᠦᠨ ᠱᠠᠭᠠᠷᠳᠠᠯᠭ᠎ᠠ ᠶᠢ ᠬᠠᠩᠭᠠᠪᠠ᠃ ︽ᠲᠥᠰᠥᠯ︾ ᠤᠨ ᠪᠠᠶᠢᠷᠢᠯᠠᠭᠤᠯᠤᠯᠲᠠ ᠶᠣᠰᠣᠭᠠᠷ᠂ 24 ᠤᠨ ᠡᠳᠦᠷ ᠠᠴᠠ ᠬᠤᠶᠢᠰᠢ᠂ ᠬᠤᠲᠠ ᠶᠢᠨ ᠡᠯ᠎ᠡ ᠲᠣᠭᠤᠷᠢᠭ ᠤᠨ ᠲᠦᠷᠢᠶᠡᠰᠦᠨ ᠮᠠᠰᠢᠨ ᠤ ᠺᠣᠮᠫᠠᠨᠢ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠵᠥᠭᠡᠭᠡᠪᠦᠷᠢ ᠶᠢᠨ ᠬᠦᠴᠦᠨ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠡᠯ᠎ᠡ ᠬᠤᠰᠢᠭᠤ ᠰᠢᠶᠠᠨ ᠤ ᠲᠦᠷᠢᠶᠡᠰᠦᠨ ᠮᠠᠰᠢᠨ ᠤ ᠡᠵᠡᠩᠨᠡᠯᠲᠡ ᠶᠢ ᠵᠢᠯᠣᠭᠤᠳᠤᠨ ᠰᠡᠷᠭᠦᠭᠡᠨ᠎ᠡ᠃       ︵3︶ ᠨᠡᠶᠢᠲᠡ ᠶᠢᠨ ᠮᠠᠰᠢᠨ ᠤ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠃      ᠭᠤᠷᠪᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠨ᠂ ᠠᠷᠢᠭᠤᠨ ᠴᠡᠪᠡᠷ ᠤᠨ ᠠᠶᠤᠯᠭᠦᠢ ᠶᠢ ᠪᠠᠲᠤᠯᠠᠨ᠎ᠠ᠃      ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡᠨ ᠥᠷᠲᠡᠭᠡ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠵᠢᠴᠢ ᠲᠦᠷᠢᠶᠡᠰᠦᠨ ᠮᠠᠰᠢᠨ ᠤ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠲᠠᠯᠠᠪᠠᠢ ᠥᠷᠲᠡᠭᠡ᠂ ᠲᠡᠷᠭᠡ ᠤᠨᠤᠭ᠎ᠠ ᠶᠢ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠴᠡᠪᠡᠷᠯᠡᠬᠦ᠂ ᠠᠵᠢᠯᠲᠠᠳ ᠢ ᠬᠠᠮᠠᠭᠠᠯᠠᠬᠤ ᠵᠢᠴᠢ ᠠᠶᠠᠨᠴᠢᠳ ᠢ ᠬᠠᠮᠠᠭᠠᠯᠠᠬᠤ ᠠᠵᠢᠯ ᠢ ᠰᠠᠶᠢᠲᠤᠷ  ᠬᠢᠨ᠎ᠡ᠃      7. ᠬᠥᠲᠥᠯᠥᠭᠴᠢ      ᠵᠠᠰᠠᠮᠠᠯ ᠵᠠᠮ ᠤᠨ ᠲᠠᠯ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠪᠡ︖      8. ᠬᠤ᠋ ᠸᠧᠢ ᠬᠤᠸᠠ      2020 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠤᠨ ᠣᠷᠣᠢ᠂ ᠸᠠᠩ ᠯᠢ ᠰᠢᠶᠠ ᠱᠦᠵᠢ ᠶᠢᠨ ᠵᠢᠭᠠᠪᠤᠷᠢ ᠪᠠᠷ ᠬᠤᠲᠠ ᠶᠢᠨ ᠵᠠᠰᠠᠭ ᠤᠨ ᠣᠷᠳᠣᠨ ᠲᠡᠷᠡ ᠳᠠᠷᠤᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠬᠤᠷᠠᠯ ᠤᠨ ᠱᠠᠭᠠᠷᠳᠠᠯᠭ᠎ᠠ ᠶᠣᠰᠣᠭᠠᠷ 1 ᠳ᠋ᠦ᠋ᠭᠡᠷ ᠰᠠᠷ᠎ᠠ ᠶᠢᠨ 24 ᠤ ᠡᠳᠦᠷ ᠠᠴᠠ ᠡᠬᠢᠯᠡᠨ ᠬᠥᠬᠡᠬᠤᠲᠠ ᠣᠷᠣᠨ ᠤ ᠵᠠᠰᠠᠮᠠᠯ ᠵᠠᠮ ᠤᠨ ᠪᠣᠭᠤᠮᠲᠠ ᠬᠠᠭᠠᠬᠤ ᠳᠠᠶᠢᠯᠠᠯᠳᠤᠭᠠᠨ ᠢ ᠡᠬᠢᠯᠡᠭᠦᠯᠪᠡ᠃ ᠬᠤᠲᠠ ᠶᠢ ᠲᠣᠭᠤᠷᠢᠭᠰᠠᠨ ᠲᠦᠷᠭᠡᠨ ᠤ ᠵᠠᠮ ᠪᠠ G6 ᠲᠦᠷᠭᠡᠨ ᠵᠠᠮ ᠤᠨ ᠬᠤᠲᠠ ᠳᠤ ᠣᠷᠣᠬᠤ 6 ᠠᠮᠠᠰᠠᠷ   ᠲᠡᠭᠡᠷ᠎ᠡ ᠪᠡᠶ᠎ᠡ ᠶᠢᠨ ᠬᠠᠯᠠᠭᠤᠨ ᠢ ᠬᠡᠮᠵᠢᠵᠦ ᠳᠠᠩᠰᠠᠯᠠᠬᠤ ᠠᠵᠢᠯ ᠢ ᠡᠬᠢᠯᠡᠭᠦᠯᠬᠦ ᠶᠢᠨ ᠬᠠᠮᠲᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠮ ᠬᠠᠷᠢᠯᠴᠠᠭ᠎ᠠ ᠶᠢᠨ ᠰᠠᠯᠠᠭ᠎ᠠ ᠮᠥᠴᠢᠷ ᠢ ᠳᠠᠷᠤᠶᠢᠬᠠᠨ ᠬᠥᠳᠡᠯᠦᠯᠴᠡᠵᠦ ᠬᠥᠬᠡᠬᠤᠲᠠ ᠣᠷᠣᠨ ᠤ ᠣᠷᠣᠵᠤ ᠭᠠᠷᠬᠤ ᠵᠠᠮ ᠢ ᠬᠠᠮᠢᠶᠠᠷᠤᠨ ᠡᠵᠡᠮᠳᠡᠬᠦ ᠶᠢ ᠮᠡᠳᠡᠭᠳᠡᠪᠡ᠃      1 ᠳ᠋ᠦ᠋ᠭᠡᠷ ᠰᠠᠷ᠎ᠠ ᠶᠢᠨ 24 ᠤ ᠡᠳᠦᠷ ᠬᠢᠵᠢᠭ ᠤᠨ ᠪᠠᠶᠢᠳᠠᠯ ᠢ ᠪᠠᠶᠢᠴᠠᠭᠠᠬᠤ ᠴᠡᠭ ᠭᠠᠷᠭᠠᠭᠰᠠᠨ ᠠᠴᠠ ᠰᠡᠭᠦᠯ ᠤᠨ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠭᠠᠷᠭᠠᠭᠰᠠᠨ ᠪᠣᠯᠲᠠᠯ᠎ᠠ᠂ ᠮᠠᠨ ᠤ ᠬᠤᠲᠠ ᠬᠠᠮᠤᠭ ᠤᠨ ᠣᠯᠠᠨ ᠦᠶ᠎ᠡ ᠳᠡᠭᠡᠨ 58 ᠵᠠᠰᠠᠮᠠᠯ ᠵᠠᠮ ᠤᠨ ᠬᠡᠮᠵᠢᠨ ᠪᠠᠶᠢᠴᠠᠭᠠᠬᠤ ᠥᠷᠲᠡᠭᠡ ᠭᠠᠷᠭᠠᠵᠤ᠂ ᠬᠤᠲᠠ ᠶᠢᠨ ᠭᠤᠣᠯ ᠲᠣᠭᠤᠷᠢᠭ ᠲᠤ ᠣᠷᠣᠬᠤ ᠵᠡᠮ ᠳᠡᠭᠡᠷ᠎ᠡ13 ᠭᠤᠣᠯᠳᠠᠯᠭ᠎ᠠ ᠲᠠᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠪᠠ ᠡᠯ᠎ᠡ ᠬᠤᠰᠢᠭᠤ ᠰᠢᠶᠠᠨ ᠲᠣᠭᠤᠷᠢᠭ ᠲᠤ 45 ᠬᠡᠮᠵᠢᠨ ᠪᠠᠶᠢᠴᠠᠭᠠᠬᠤ ᠥᠷᠲᠡᠭᠡ ᠲᠣᠬᠢᠷᠠᠭᠤᠯᠪᠠ᠃ 2 ᠳ᠋ᠤᠭᠠᠷ ᠰᠠᠷ᠎ᠠ ᠶᠢᠨ 10 ᠤ ᠡᠳᠦᠷ ᠬᠤᠲᠠ  ᠠᠴᠠ ᠭᠠᠷᠬᠤ  ᠠᠮᠠᠰᠠᠷ ᠲᠤ ᠬᠡᠮᠵᠢᠨ ᠪᠠᠶᠢᠴᠠᠭᠠᠬᠤ ᠥᠷᠲᠡᠭᠡ ᠭᠠᠷᠭᠠᠭᠰᠠᠨ ᠠᠴᠠ 2 ᠳ᠋ᠤᠭᠠᠷ ᠰᠠᠷ᠎ᠠ ᠶᠢᠨ 22 ᠤᠨ  ᠲᠡᠭ ᠴᠠᠭ ᠪᠣᠯᠲᠠᠯ᠎ᠠ᠂    ᠨᠡᠶᠢᠲᠡ ᠬᠤᠲᠠ ᠠᠴᠠ ᠭᠠᠷᠬᠤ  54907 ᠲᠡᠷᠭᠡ ᠂ 82573 ᠬᠥᠮᠥᠨ ᠢ ᠬᠡᠮᠵᠢᠨ ᠪᠠᠶᠢᠴᠠᠭᠠᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠭᠠᠵᠠᠷ ᠤᠨ ᠨᠡᠶᠢᠭᠡᠮ ᠤᠨ  ᠰᠡᠷᠭᠡᠶᠢᠯᠡᠨ ᠡᠵᠡᠮᠳᠡᠬᠦ ᠲᠤᠭᠤᠶᠢᠯᠠᠩ ᠳᠤ ᠬᠦᠷᠭᠡᠭᠰᠡᠨ ᠭᠠᠳᠠᠨ᠎ᠠ ᠣᠷᠣᠨ ᠠᠴᠠ ᠬᠥᠬᠡᠬᠤᠲᠠ ᠳᠤ ᠢᠷᠡᠭᠰᠡᠨ ᠬᠥᠮᠥᠨ ᠤ ᠮᠡᠳᠡᠭᠡ ᠵᠠᠩᠭᠢ 20 ᠲᠦᠮᠡᠨ ᠵᠣᠷᠪᠣᠰ ᠬᠦᠷᠪᠡ᠃ ᠠᠵᠢᠯ ᠳᠤ ᠭᠠᠷᠤᠭᠰᠠᠨ ᠬᠥᠮᠥᠨ ᠨᠡᠶᠢᠲᠡ 34631 ᠬᠥᠮᠥᠨ ᠤᠳᠠᠭ᠎ᠠ ᠳᠤ ᠬᠦᠷᠪᠡ᠃       ︽ᠲᠠᠪᠤ ᠶᠢ ᠨᠢᠭᠡᠳᠦᠭᠦᠯᠬᠦ︾ ᠬᠡᠮᠵᠢᠨ ᠪᠠᠶᠢᠴᠠᠭᠠᠬᠤ ᠪᠠᠷᠢᠮᠵᠢᠶ᠎ᠠ ᠲᠣᠭᠲᠠᠭᠠᠨ᠂ ᠬᠡᠮᠵᠢᠨ ᠪᠠᠶᠢᠴᠠᠭᠠᠬᠤ ᠠᠵᠢᠯ ᠢ ᠵᠢᠷᠤᠮᠵᠢᠭᠤᠯᠪᠠ᠃ ᠬᠤᠪᠢ ᠬᠥᠮᠥᠨ ᠤ ᠥᠪᠡᠷᠲᠡᠭᠡᠨ ᠳᠠᠩᠰᠠᠯᠠᠭᠤᠯᠬᠤ APP ᠶᠢ ᠬᠡᠷᠡᠭᠯᠡᠵᠦ᠂ ᠴᠢᠨᠠᠭᠰᠢᠳᠠ ᠪᠦᠬᠦ ᠬᠤᠲᠠ ᠶᠢᠨ ᠬᠡᠪᠴᠢᠶᠡᠨ ᠳᠤ ᠲᠦᠭᠡᠮᠡᠯᠵᠢᠭᠦᠯᠦᠨ ᠬᠡᠷᠡᠭᠯᠡᠵᠦ᠂ ᠲᠤᠭ᠎ᠠ ᠪᠠᠷᠢᠮᠲᠠ ᠶᠢᠨ ᠣᠨᠣᠪᠴᠢ ᠶᠢ ᠪᠠᠲᠤᠯᠠᠬᠤ᠂ ᠲᠡᠷᠭᠡ  ᠨᠡᠪᠲᠡᠷᠡᠬᠦ ᠶᠢ ᠰᠢᠯᠤᠭᠤᠳᠬᠠᠬᠤ  ᠂ ᠲᠤᠭ᠎ᠠ ᠪᠠᠷᠢᠮᠲᠠ ᠶᠢ ᠨᠡᠶᠢᠳᠬᠡᠬᠦ ᠳᠤ ᠶᠡᠬᠡᠬᠡᠨ ᠲᠤᠰᠠ  ᠪᠣᠯᠵᠤ ᠠᠵᠢᠯ ᠤᠨ ᠠᠰᠢᠭᠯᠠᠮᠵᠢ ᠶᠢ ᠳᠡᠭᠡᠭᠰᠢᠯᠡᠭᠦᠯᠪᠡ᠃ 2 ᠳ᠋ᠤᠭᠠᠷ ᠰᠠᠷ᠎ᠠ ᠶᠢᠨ 22 ᠤᠨ ᠡᠳᠦᠷ ᠪᠣᠯᠬᠤ ᠳᠤ᠂ ᠮᠠᠨ ᠤ ᠬᠤᠲᠠ ᠶᠢᠨ ᠡᠯ᠎ᠡ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ  ᠲᠠᠢ ᠪᠡᠶᠡᠯᠡᠭᠦᠯᠵᠦ᠂ ︽ᠵᠠᠰᠠᠮᠠᠯ ᠵᠠᠮ ᠤᠨ ᠪᠣᠭᠤᠮᠲᠠ ᠪᠣᠯ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ᠂ ᠰᠡᠷᠭᠡᠶᠢᠯᠡᠨ ᠡᠵᠡᠮᠳᠡᠬᠦ ᠳᠤ ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ ᠠᠵᠢᠯ ᠤᠨ ᠱᠠᠭᠠᠷᠳᠠᠯᠭ᠎ᠠ ᠳᠤ ᠬᠦᠷᠪᠡ᠃      2 ᠳ᠋ᠤᠭᠠᠷ ᠰᠠᠷ᠎ᠠ ᠶᠢᠨ 22 ᠤᠨ ᠡᠳᠦᠷ ᠤᠨ 18 ᠴᠠᠭ ᠲᠤ᠂ ᠳᠡᠭᠡᠳᠦ ᠱᠠᠲᠤᠨ ᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠪᠦᠬᠦ ᠬᠤᠲᠠ ᠶᠢᠨ 58 ᠬᠡᠮᠵᠢᠨ ᠪᠠᠶᠢᠴᠠᠭᠠᠬᠤ ᠥᠷᠲᠡᠭᠡ ᠶᠢ ᠪᠠᠭᠤᠯᠭᠠᠵᠤ᠂ ᠪᠦᠬᠦ ᠬᠤᠲᠠ ᠶᠢᠨ ᠬᠡᠪᠴᠢᠶᠡᠨ ᠳᠠᠬᠢ ᠲᠦᠷᠭᠡᠨ ᠤ ᠵᠠᠮ᠂ ᠡᠩ ᠤᠨ ᠤᠯᠤᠰ ᠮᠤᠵᠢ ᠰᠢᠶᠠᠨ ᠰᠢᠶᠠᠩ ᠲᠣᠰᠬᠤᠨ ᠤ ᠵᠠᠮ ᠳᠡᠭᠡᠷᠡᠬᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠶᠢ ᠪᠦᠬᠦᠨ ᠢ ᠪᠠᠭᠤᠯᠭᠠᠪᠠ᠃      9. ᠬᠥᠲᠥᠯᠥᠭᠴᠢ       ︽ᠨᠢᠭᠡ ᠪᠠᠭᠤᠳᠠᠯ ᠬᠤᠶᠠᠷ ᠥᠷᠲᠡᠭᠡ︾ ᠶᠢᠨ ᠬᠠᠮᠢᠶᠠᠷᠤᠨ ᠡᠵᠡᠮᠳᠡᠬᠦ ᠲᠠᠯ᠎ᠠ ᠶᠢᠨ ᠠᠵᠢᠯ ᠤᠨ ᠪᠠᠶᠢᠳᠠᠯ ᠠᠴᠠ ᠶᠠᠷᠢᠵᠤ ᠥᠭᠭᠦᠨ᠎ᠡ ᠦᠦ︖      10.  ᠰᠢᠤᠸᠠᠢ ᠵᠧᠩ ᠴᠢ      8 ᠤ ᠡᠳᠦᠷ ᠤᠨ ᠣᠷᠣᠢ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ ᠬᠠᠷᠢᠯᠴᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠵᠠᠮ ᠬᠠᠷᠢᠯᠴᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠮ ᠤᠨ ᠣᠷᠣᠵᠤ ᠭᠠᠷᠬᠤ ᠡᠭᠦᠳᠡ᠂ ︽ᠨᠢᠭᠡ ᠪᠠᠭᠤᠳᠠᠯ ᠬᠤᠶᠠᠷ ᠥᠷᠲᠡᠭᠡ︾ ᠶᠢᠨ ᠵᠢᠯᠣᠭᠤᠴᠢ ᠠᠶᠠᠨᠴᠢᠨ ᠤ ᠮᠡᠳᠡᠭᠡ ᠵᠠᠩᠭᠢ ᠶᠢ ᠳᠠᠩᠰᠠᠯᠠᠬᠤ APP ᠵᠢ‌ᠨᠡᠭᠡᠭᠡᠨ ᠠᠰᠢᠭᠯᠠᠬᠤ ᠵᠡᠷᠭᠡ ᠤᠴᠢᠷ ᠶᠠᠪᠤᠳᠠᠯ ᠢ ᠰᠤᠳᠤᠯᠪᠠ᠃ 9 ᠤ ᠡᠳᠦᠷ ᠠᠴᠠ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠯᠲᠤ ᠲᠡᠷᠭᠡᠨ ᠤ ᠵᠡᠭᠦᠨ ᠥᠷᠲᠡᠭᠡ ᠳᠤ 300 ᠭᠠᠷᠤᠢ ᠬᠥᠮᠥᠨ ᠲᠣᠮᠢᠯᠠᠨ  ᠰᠠᠭᠤᠯᠭᠠᠵᠤ᠂ ᠶᠠᠪᠤᠵᠤ ᠰᠠᠭᠤᠬᠤ ᠬᠥᠮᠥᠨ ᠤ ᠮᠡᠳᠡᠭᠡ ᠵᠠᠩᠭᠢ ᠶᠢ ᠳᠠᠩᠰᠠᠯᠠᠨ᠂ ᠬᠥᠮᠥᠰ ᠤᠨ ᠥᠪᠡᠷᠲᠡᠭᠡᠨ ᠭᠡᠷ ᠲᠡᠭᠡᠨ ᠲᠤᠰᠠᠭᠠᠷᠯᠠᠬᠤ ᠪᠠ ᠵᠣᠴᠢᠳ ᠤᠨ ᠪᠠᠭᠤᠳᠠᠯ ᠳᠤ 14 ᠡᠳᠦᠷ ᠲᠤᠰᠠᠭᠠᠷᠯᠠᠬᠤ ᠠᠵᠢᠯ ᠢ ᠵᠢᠯᠣᠭᠤᠳᠪᠠ᠃      11. ᠬᠥᠲᠥᠯᠥᠭᠴᠢ      ᠲᠦᠷᠢᠶᠡᠰᠦᠨ ᠮᠠᠰᠢᠨ  ᠢ ᠬᠠᠮᠢᠶᠠᠷᠤᠨ ᠡᠵᠡᠮᠳᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖      12. ᠰᠢᠤᠸᠠᠢ ᠵᠧᠩ ᠴᠢ      ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠠᠶᠠᠨᠴᠢᠨ ᠤ ᠡᠭᠡᠯᠵᠢ ᠶᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂  ᠮᠧᠲᠷᠤ᠋ ᠴᠥᠮ ᠵᠣᠭᠰᠣᠭᠰᠠᠨ ᠤ ᠳᠠᠷᠠᠭ᠎ᠠ᠂ ᠬᠤᠲᠠ ᠶᠢᠨ ᠵᠠᠮ ᠬᠠᠷᠢᠯᠴᠠᠭ᠎ᠠ ᠶᠢᠨ ᠡᠷᠭᠢᠯᠲᠡ ᠪᠠ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠳᠦᠰᠦᠨ ᠳᠡᠭᠡᠨ ᠲᠦᠷᠢᠶᠡᠰᠦᠨ ᠮᠠᠰᠢᠨ ᠳᠠᠭᠠᠭᠠᠭᠰᠠᠨ ᠪᠠᠶᠢᠨ᠎ᠠ᠃ ᠡᠶᠢᠮᠦ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠪᠠᠷᠤᠭ ᠪᠦᠬᠦᠨ ᠢᠶᠠᠷ ᠢᠶᠠᠨ ᠲᠦᠷᠢᠶᠡᠰᠦᠨ ᠮᠠᠰᠢᠨ ᠤ ᠠᠵᠢᠯ ᠲᠥᠷᠥᠯ ᠳᠡᠭᠡᠷ᠎ᠡ ᠰᠢᠯᠵᠢᠭᠰᠡᠨ ᠪᠠᠶᠢᠨ᠎ᠠ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠳᠣᠣᠷᠠᠬᠢ ᠠᠵᠢᠯ ᠤᠳ ᠢ ᠠᠳᠬᠤᠪᠠ᠄      ᠨᠢᠭᠡ ᠳᠤ᠂ ᠠᠵᠤ ᠠᠬᠤᠶᠢᠯᠠᠯ ᠤᠳ ᠲᠤ ᠬᠡᠰᠡᠭ ᠺᠠᠳ᠋ᠷ ᠠᠵᠢᠯᠲᠠᠨ ᠲᠣᠮᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠤᠨ ᠨᠠᠶᠢᠳᠠᠪᠤᠷᠢᠵᠢᠭᠤᠯᠪᠠ᠃      ᠬᠤᠶᠠᠷ ᠲᠤ᠂ ᠠᠷᠢᠭᠤᠳᠬᠠᠬᠤ ᠠᠵᠢᠯ ᠢ ᠴᠢᠩᠭᠠᠳᠬᠠᠵᠤ᠂ ᠲᠡᠷᠭᠡᠨ ᠳᠤ ᠰᠠᠭᠤᠬᠤ ᠠᠶᠤᠯᠭᠦᠢ ᠣᠷᠴᠢᠨ ᠢ ᠬᠠᠩᠭᠠᠪᠠ᠃      ᠭᠤᠷᠪᠠ ᠳᠤ᠂ ᠲᠡᠷᠭᠡᠨ ᠳᠤ ᠭᠠᠷᠴᠤ ᠪᠠᠭᠤᠭᠰᠠᠨ ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠰᠠᠶᠢᠲᠤᠷ ᠬᠢᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠩᠬᠠᠨ ᠤ ᠲᠤᠭ᠎ᠠ ᠪᠠᠷᠢᠮᠲᠠ ᠬᠠᠩᠭᠠᠪᠠ᠃      ᠳᠥᠷᠪᠡ ᠳᠤ᠂ ᠤᠬᠠᠭᠤᠯᠭ᠎ᠠ ᠰᠤᠷᠲᠠᠯᠴᠢᠯᠠᠭ᠎ᠠ ᠶᠢᠨ ᠬᠦᠴᠦᠨ ᠢᠶᠠᠨ ᠴᠢᠩᠭᠠᠳᠬᠠᠵᠤ᠂ ᠴᠢᠬᠤᠯᠠᠴᠢᠯᠠᠨ ᠦᠵᠡᠬᠦ ᠬᠡᠮᠵᠢᠶ᠎ᠡ ᠶᠢ ᠳᠡᠭᠡᠭᠰᠢᠯᠡᠭᠦᠯᠪᠡ᠃      ᠲᠠᠪᠤ ᠳᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠬᠠᠷᠠᠭᠤᠯ ᠤᠨ ᠲᠤᠰᠢᠶᠠᠯ ᠢ ᠡᠭᠦᠷᠭᠡᠯᠡᠪᠡ᠃      ᠵᠢᠷᠭᠤᠭ᠎ᠠ᠂ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ︽ᠬᠠᠷ᠎ᠠ ᠲᠡᠷᠭᠡ︾ ᠪᠠᠷ ᠳᠠᠮᠵᠢᠭᠳᠠᠬᠤ ᠶᠢ ᠬᠤᠷᠢᠭᠯᠠᠪᠠ᠃      13. ᠬᠥᠲᠥᠯᠥᠭᠴᠢ      ᠨᠡᠶᠢᠲᠡ ᠶᠢᠨ ᠮᠠᠰᠢᠨ ᠢ ᠰᠡᠷᠭᠦᠭᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖      14.  ᠰᠢᠤᠸᠠᠢ ᠵᠧᠩ ᠴᠢ       ᠬᠥᠬᠡᠬᠤᠲᠠ ᠣᠷᠣᠨ ᠤ ᠠᠶᠠᠨᠴᠢᠨ ᠤ ᠲᠡᠭᠡᠭᠡᠪᠦᠷᠢ᠂ ᠲᠦᠷᠢᠶᠡᠰᠦᠨ ᠮᠠᠰᠢᠨ ᠪᠣᠯᠣᠨ ᠨᠡᠶᠢᠲᠡ ᠶᠢᠨ ᠮᠠᠰᠢᠨ ᠤ ᠵᠠᠮ ᠱᠤᠭᠤᠮ ᠢ  ᠵᠠᠯᠭᠠᠭ᠎ᠠ ᠪᠠᠷ ᠰᠡᠷᠭᠦᠭᠡᠬᠦ ᠲᠤᠬᠠᠢ ᠨᠠᠷᠢᠯᠢᠭ ᠪᠠᠶᠢᠷᠢᠯᠠᠭᠤᠯᠤᠯᠲᠠ ᠬᠢᠪᠡ᠃      ᠨᠢᠭᠡ ᠳᠤ᠂ 24 ᠤ ᠡᠳᠦᠷ ᠠᠴᠠ ᠡᠬᠢᠯᠡᠨ ᠬᠤᠲᠠ ᠶᠢᠨ ᠲᠣᠭᠤᠷᠢᠭ ᠤᠨ 3 ᠠᠶᠠᠨᠴᠢᠨ ᠤ ᠲᠡᠷᠭᠡᠨ ᠥᠷᠲᠡᠭᠡ ᠪᠠ ᠬᠤᠰᠢᠭᠤ ᠰᠢᠶᠠᠨ ᠤ ᠲᠡᠷᠭᠡᠨ ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ ᠣᠶᠢᠷ᠎ᠠ ᠣᠷᠴᠢᠮ ᠤᠨ ᠬᠡᠰᠡᠭ ᠠᠶᠢᠮᠠᠭ ᠬᠤᠲᠠ ᠶᠢᠨ ᠬᠤᠭᠤᠷᠣᠨᠳᠤ᠂ ᠬᠤᠲᠠ ᠶᠢᠨ ᠲᠣᠭᠤᠷᠢᠭ ᠪᠣᠯᠣᠨ ᠬᠤᠰᠢᠭᠤ ᠰᠢᠶᠠᠨ ᠤ ᠬᠤᠭᠤᠷᠣᠨᠳᠤ ᠶᠢᠨ ᠠᠶᠠᠨᠴᠢᠨ ᠤ ᠲᠡᠷᠭᠡ ᠶᠢᠨ ᠵᠠᠮ ᠱᠤᠭᠤᠮ ᠢ ᠪᠦᠬᠦᠨ ᠢ  ᠨᠡᠭᠡᠭᠡᠪᠡ᠃ ᠲᠡᠷᠭᠡ ᠨᠡᠪᠲᠡᠷᠡᠭᠡ ᠦᠭᠡᠢ ᠮᠤᠵᠢ ᠶᠢᠨ ᠬᠤᠭᠤᠷᠣᠨᠳᠤᠬᠢ ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠥᠬᠦᠴᠡᠯ ᠳᠤ ᠨᠡᠶᠢᠴᠡᠭᠰᠡᠨ ᠢ ᠡᠷᠲᠡᠬᠡᠨ ᠨᠡᠭᠡᠭᠡᠬᠦ ᠪᠠᠷ ᠴᠢᠷᠮᠠᠶᠢᠵᠤ ᠪᠠᠶᠢᠨ᠎ᠠ᠂ ᠠᠶᠠᠨᠴᠢᠨ ᠣᠯᠠᠨ ᠲᠦᠮᠡᠨ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠢᠷᠭᠢᠭᠡ ᠶᠢ ᠠᠩᠬᠠᠷᠤᠨ ᠬᠠᠶᠢᠨ ᠦᠵᠡᠬᠦ ᠪᠤᠶᠤ ᠨᠡᠶᠢᠲᠡᠯᠡᠭᠰᠡᠨ ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠃      ᠬᠤᠶᠠᠷ ᠲᠤ᠂ ᠲᠦᠷᠢᠶᠡᠰᠦᠨ ᠮᠠᠰᠢᠨ ᠤ ᠠᠵᠤ ᠠᠬᠤᠶᠢᠯᠠᠯ ᠤᠳ ᠢ ᠵᠢᠯᠣᠭᠤᠳᠤᠨ ᠲᠡᠭᠡᠭᠡᠪᠦᠷᠢ ᠶᠢᠨ ᠬᠦᠴᠦᠨ ᠢ ᠳᠡᠭᠡᠭᠰᠢᠯᠡᠭᠦᠯᠦᠨ᠎ᠡ᠃      ᠭᠤᠷᠪᠠ ᠳᠤ᠂ ᠨᠡᠶᠢᠲᠡ ᠶᠢᠨ ᠮᠠᠰᠢᠨ ᠤ ᠵᠠᠮ ᠱᠤᠭᠤᠮ ᠢ ᠠᠯᠬᠤᠮ ᠠᠯᠬᠤᠮ ᠢᠶᠠᠷ ᠰᠡᠷᠭᠦᠭᠡᠨ᠎ᠡ᠃ 24 ᠤ ᠡᠳᠦᠷ ᠠᠴᠠ ᠡᠬᠢᠯᠡᠨ ᠣᠳᠣ ᠪᠣᠯᠲᠠᠯ᠎ᠠ 30 ᠵᠣᠷᠪᠣᠰ ᠭᠤᠣᠯ ᠵᠠᠮ ᠱᠤᠭᠤᠮ ᠤᠨ ᠨᠡᠶᠢᠲᠡ ᠶᠢᠨ ᠮᠠᠰᠢᠨ ᠢ ᠰᠡᠷᠭᠦᠭᠡᠵᠦ᠂ ᠬᠢᠩᠭᠠᠨ ᠵᠠᠮ᠂ ᠤᠯᠠᠭᠠᠨᠴᠠᠪ ᠵᠠᠮ᠂ ᠰᠢᠨᠬᠤᠸᠠ ᠶᠡᠭᠡ ᠵᠡᠭᠡᠯᠢ᠂ ᠴᠢᠩᠭᠢᠰ ᠬᠠᠭᠠᠨ ᠶᠡᠭᠡ ᠵᠡᠭᠡᠯᠢ ᠵᠡᠷᠭᠡ 30 ᠭᠤᠣᠯ ᠵᠠᠮ ᠱᠤᠭᠤᠮ᠂ 800 ᠭᠠᠷᠤᠢ ᠥᠷᠲᠡᠭᠡ ᠶᠢ ᠪᠠᠭᠲᠠᠭᠠᠪᠠ᠃ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠴᠠᠭ ᠢ ᠦᠨᠳᠦᠰᠦᠯᠡᠨ 25 ᠰᠤᠷᠭᠠᠭᠤᠯᠢ ᠶᠢᠨ ᠲᠡᠷᠭᠡ ᠶᠢᠨ ᠵᠠᠮ ᠱᠤᠭᠤᠮ ᠶᠢ ᠰᠡᠷᠭᠦᠭᠡᠬᠦ ᠪᠣᠯᠣᠨ᠎ᠠ᠃ ᠡᠯ᠎ᠡ ᠬᠤᠰᠢᠭᠤ ᠰᠢᠶᠠᠨ ᠤ ᠨᠡᠶᠢᠲᠡ ᠶᠢᠨ ᠮᠠᠰᠢᠨ ᠢ ᠰᠡᠷᠭᠦᠭᠡᠬᠦ ᠠᠵᠢᠯ ᠢ ᠶᠠᠭ ᠪᠡᠯᠡᠳᠬᠡᠵᠦ ᠪᠠᠶᠢᠨ᠎ᠠ᠃      15. ᠬᠥᠲᠥᠯᠥᠭᠴᠢ      ᠡᠳ᠋ ᠪᠣᠳᠠᠰ ᠤᠨ ᠬᠠᠩᠭᠠᠯᠭ᠎ᠠ ᠶᠢᠨ ᠲᠠᠯ᠎ᠠ ᠪᠠᠷ ᠬᠢ ᠠᠵᠢᠯ ᠠᠴᠠ ᠲᠠᠨᠢᠯᠴᠠᠭᠤᠯᠵᠤ ᠥᠭᠭᠦᠨ᠎ᠡ ᠦᠦ︖      16.  ᠰᠢᠤᠸᠠᠢ ᠵᠧᠩ ᠴᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠣᠳᠠᠰ᠂ ᠬᠥᠮᠥᠨ ᠢ ᠴᠠᠭ ᠲᠤᠬᠠᠢ ᠳᠤᠨᠢ ᠬᠦᠷᠦᠯᠴᠡᠬᠦᠶᠢᠴᠡ ᠵᠥᠭᠡᠭᠡᠪᠦᠷᠢᠯᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠵᠥᠭᠡᠭᠡᠪᠦᠷᠢ ᠶᠢᠨ ᠱᠠᠭᠠᠷᠳᠠᠯᠭ᠎ᠠ ᠶᠢ ᠬᠠᠩᠭᠠᠵᠤ᠂ ᠥᠷᠭᠡᠨ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠨᠡᠪᠲᠡᠷᠡᠬᠦ ᠭᠡᠷᠡᠴᠢ ᠲᠠᠷᠬᠠᠭᠠᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠥᠭᠡᠭᠡᠪᠦᠷᠢ ᠶᠢᠨ ᠬᠦᠴᠦᠨ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠤᠨ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠪᠠ᠃       ︵1︶  ᠲᠡᠷᠭᠡ ᠬᠦᠡᠭᠡ ᠨᠡᠪᠲᠡᠷᠡᠬᠦ ᠭᠡᠷᠡᠴᠢ ᠣᠯᠭᠤᠬᠤ ᠲᠦᠷᠢᠮ ᠢ ᠬᠡᠷᠡᠭᠵᠢᠭᠦᠯᠪᠡ      ᠠᠮᠢᠳᠤᠷᠠᠯ ᠤᠨ ᠡᠳ᠋ ᠪᠣᠳᠠᠰ᠂ ᠡᠮ ᠲᠠᠩ᠂ ᠪᠡᠯᠡᠳᠬᠡᠮᠵᠢ ᠲᠣᠨᠤᠭ ᠲᠥᠬᠦᠭᠡᠷᠦᠮᠵᠢ ᠬᠦᠷᠭᠡᠬᠦ ᠲᠡᠷᠭᠡ ᠤᠨᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠲᠡᠭᠡᠭᠡᠪᠦᠷᠢ ᠶᠢᠨ ᠠᠵᠤ ᠠᠬᠤᠶᠢᠯᠠᠯ ᠤᠳ ᠲᠤ   ᠲᠡᠷᠭᠡ ᠬᠦᠰᠬᠡ ᠨᠡᠪᠲᠡᠷᠡᠬᠦ ᠭᠡᠷᠡᠴᠢ ᠣᠯᠭᠤᠪᠠ᠃       ︵2︶  ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ 4  ᠲᠡᠷᠭᠡᠨ ᠠᠩᠭᠢ ᠪᠠᠶᠢᠭᠤᠯᠪᠠ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠦᠷᠢᠶᠡᠰᠦᠨ ᠮᠠᠰᠢᠨ᠂ ᠠᠶᠠᠨᠴᠢᠨ ᠤ ᠲᠡᠭᠡᠭᠡᠪᠦᠷᠢ᠂ ᠡᠳ᠋ ᠪᠠᠷᠠᠭ᠎ᠠ ᠶᠢᠨ ᠲᠡᠭᠡᠭᠡᠪᠦᠷᠢ ᠪᠠ ᠨᠡᠶᠢᠲᠡ ᠶᠢᠨ ᠮᠠᠰᠢᠨ ᠢᠶᠠᠷ ᠪᠦᠷᠢᠯᠳᠦᠭᠰᠡᠨ 843 ᠲᠡᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠥᠭᠡᠭᠡᠪᠦᠷᠢ ᠶᠢᠨ ᠬᠦᠴᠦᠨ ᠢ ᠪᠠᠶᠢᠭᠤᠯᠪᠠ᠃      17. ᠬᠥᠲᠥᠯᠥᠭᠴᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠵᠤ᠂ ᠶᠡᠭᠡ ᠬᠡᠮᠵᠢᠶᠡᠨ ᠤ ᠠᠵᠢᠯ ᠬᠢᠪᠡ᠂ ᠡᠭᠦᠨ ᠤ ᠲᠤᠬᠠᠢ ᠲᠠᠨᠢᠯᠴᠠᠭᠤᠯᠵᠤ ᠥᠭᠭᠦᠨ᠎ᠡ ᠦᠦ︖      18. ᠳ᠋ᠦᠩ ᠷᠦᠢ ᠺᠠᠩ      ᠴᠠᠭᠠᠨ ᠬᠤᠯᠤᠭᠠᠨ᠎ᠠ ᠵᠢᠯ ᠤᠨ ᠴᠠᠭᠠᠨ ᠰᠠᠷ᠎ᠠ ᠪᠣᠯᠬᠤ ᠳᠤ᠂ ᠬᠤᠪᠧᠢ ᠮᠤᠵᠢ ᠶᠢᠨ ᠦᠬᠠᠨ ᠵᠡᠷᠭᠡ ᠭᠠᠵᠠᠷ ᠣᠷᠣᠨ ᠨᠤᠭᠤᠳ ᠢᠶᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠠᠯᠭᠠᠭ᠎ᠠ ᠪᠠᠷ ᠳᠡᠯᠭᠡᠷᠡᠵᠦ᠂ ᠮᠠᠨ ᠤ ᠬᠤᠲᠠ ᠳᠤ ᠴᠦ ᠵᠠᠯᠭᠠᠭ᠎ᠠ ᠪᠠᠷ ᠢᠯᠡᠷᠡᠭᠰᠡᠨ ᠮᠥᠷᠲᠡᠭᠡᠨ ᠦᠷᠭᠦᠯᠵᠢᠯᠡᠨ ᠳᠡᠯᠭᠡᠷᠡᠬᠦ ᠬᠠᠨᠳᠤᠰᠢ ᠭᠠᠷᠪᠠ᠃ ᠬᠢᠵᠢᠭ ᠤᠨ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠨᠢ ᠮᠠᠰᠢ  ᠪᠠᠴᠢᠮ ᠲᠤᠯᠭᠠᠮ᠎ᠠ ᠪᠤᠯᠤᠭᠰᠠᠨ ᠶᠤᠮ᠃      ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠵᠢᠴᠢ ᠸᠠᠩ ᠯᠢ ᠰᠢᠶᠠ ᠨᠥᠬᠦᠷ ᠤᠨ ᠳᠤᠷᠠᠳᠤᠭᠰᠠᠨ ︽ᠵᠠᠰᠠᠮᠠᠯ ᠵᠠᠮ ᠤᠨ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠪᠣᠯᠣᠨ᠎ᠠ᠂ ᠰᠡᠷᠭᠡᠶᠢᠯᠡᠨ ᠡᠵᠡᠮᠳᠡᠬᠦ ᠳᠤ ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ ᠭᠡᠰᠡᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠵᠠᠩᠭᠢᠯᠠᠭ᠎ᠠ ᠶᠢ ᠠᠩᠬᠠᠷᠤᠨ ᠭᠤᠣᠯᠳᠠᠯᠭ᠎ᠠ ᠶᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠨ ᠤᠷᠢᠳᠴᠢᠯᠠᠨ ᠵᠢᠯᠣᠭᠤᠳᠴᠤ᠂ ᠲᠣᠪᠴᠢᠶ᠎ᠠ ᠶᠢᠨ ᠳᠣᠲᠣᠭᠠᠳᠤ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠨᠠᠭᠠᠴᠢᠯᠠᠭ᠎ᠠ ᠭᠠᠷᠭᠠᠨ᠂ ᠪᠦᠬᠦ ᠨᠠᠮ ᠤᠨ ᠭᠡᠰᠢᠭᠦᠨ ᠺᠠᠳ᠋ᠷᠴᠤᠳ ᠪᠠ ᠠᠵᠢᠯᠴᠢᠨ ᠠᠵᠢᠯᠲᠠᠳ ᠢ ᠳᠠᠶᠢᠴᠢᠯᠠᠨ ᠨᠠᠮ ᠤᠨ ᠵᠣᠬᠢᠶᠠᠨ ᠪᠠᠶᠢᠭᠤᠯᠤᠯᠲᠠ ᠳᠣᠣᠷ᠎ᠠ ᠨᠢᠭᠲᠠᠷᠠᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠰᠠᠶᠢᠨ ᠳᠤᠷᠠᠴᠤᠳ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠦᠴᠦᠨ ᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠲᠠᠢ ᠲᠡᠮᠡᠴᠡᠬᠦ ᠡᠯ᠎ᠡ ᠠᠵᠢᠯ ᠤᠨ ᠪᠠᠶᠢᠷᠢ ᠶᠢᠨ ᠡᠮᠦᠨ᠎ᠡ ᠡᠩᠨᠡᠭᠡᠨ ᠳᠤ ᠭᠠᠪᠰᠢᠭᠠᠶᠢᠯᠠᠪᠠ᠃     19.  ᠰᠢᠤᠸᠠᠢ ᠵᠧᠩ ᠴᠢ      ᠰᠦᠯᠵᠢᠶᠡᠨ ᠨᠠᠶᠢᠵᠠ ᠶᠢᠨ ᠳᠤᠷᠠᠳᠤᠭᠰᠠᠨ ᠲᠦᠷᠢᠶᠡᠰᠦᠨ ᠮᠠᠰᠢᠨ ᠢ ᠳᠠᠭᠠᠭᠠᠴᠢᠯᠠᠬᠤ ᠬᠥᠯᠥᠰᠦ ᠮᠥᠩᠭᠦ ᠶᠢᠨ ᠲᠤᠬᠠᠢ᠄ ᠬᠤᠲᠠ ᠶᠢᠨ ᠲᠣᠭᠤᠷᠢᠭ ᠤᠨ ᠨᠡᠶᠢᠲᠡ ᠶᠢᠨ ᠮᠠᠰᠢᠨ ᠢ ᠨᠡᠶᠢᠲᠡ ᠠᠴᠠ ᠡᠵᠡᠩᠨᠡᠵᠦ ᠪᠠᠶᠢᠭ᠎ᠠ 13 ᠭᠠᠵᠠᠷ ᠤᠨ 2240 ᠲᠡᠷᠭᠡ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ ᠮᠥᠩᠭᠦ 1104 ᠲᠦᠮᠡᠨ ᠲᠥᠭᠦᠷᠢᠭ ᠢ ᠬᠡᠯᠲᠦᠷᠢᠭᠦᠯᠪᠠ᠃ ᠦᠯᠡᠳᠡᠭᠰᠡᠨ 3960 ᠬᠤᠪᠢ ᠶᠢᠨ ᠮᠠᠰᠢᠨ ᠳᠤ᠂ ᠠᠩᠬ᠎ᠠ ᠠᠯᠬᠤᠮ ᠡᠵᠡᠮᠰᠢᠭᠰᠡᠨ ᠪᠠᠶᠢᠳᠠᠯ ᠢᠶᠠᠷ 70% ᠶᠢᠨ  ᠮᠠᠰᠢᠨ ᠤ ᠡᠵᠡᠨ  ᠵᠢᠯᠣᠭᠤᠴᠢ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ ᠮᠥᠩᠭᠦ 997 ᠲᠦᠮᠡᠨ ᠲᠥᠭᠦᠷᠢᠭ ᠢ ᠬᠡᠯᠲᠦᠷᠢᠭᠦᠯᠵᠦ᠂ 20%  ᠶᠢᠨ ᠮᠠᠰᠢᠨ ᠤ ᠡᠵᠡᠨ  ᠵᠢᠯᠣᠭᠤᠴᠢ ᠶᠢᠨ  ᠳᠠᠭᠠᠭᠠᠴᠢᠯᠠᠯᠲᠠ ᠶᠢᠨ ᠮᠥᠩᠭᠦ ᠶᠢ ᠬᠠᠭᠠᠰ ᠢᠶᠠᠷ ᠬᠡᠯᠲᠦᠷᠢᠭᠦᠯᠵᠦ᠂   ᠨᠡᠶᠢᠲᠡ 142 ᠲᠦᠮᠡᠨ ᠲᠥᠭᠦᠷᠢᠭ  ᠬᠦᠷᠪᠡ      20. ᠬᠠᠮᠢᠶᠠᠷᠤᠭᠴᠢ      ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠥᠬᠦᠳ ᠲᠤ ᠪᠠᠶᠠᠷᠯᠠᠯ᠎ᠠ᠂ ᠵᠠᠮ ᠬᠠᠷᠢᠯᠴᠠᠭᠠᠨ ᠤ   ᠬᠦᠮᠦᠰ ᠤᠨ ᠬᠦᠴᠦ ᠪᠠᠨ ᠡᠷᠭᠦᠭᠰᠡᠨ ᠳᠤ  ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠯ᠎ᠠ᠃ ᠡᠨᠡ ᠤᠳᠠᠭ᠎ᠠ ᠶᠢᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃ ᠰᠠᠯᠬᠢ ᠰᠥᠷᠦᠨ ᠤᠷᠤᠭᠰᠢᠯᠠᠭᠴᠢ ᠡᠮᠴᠢ ᠰᠤᠪᠢᠯᠠᠭᠴᠢ᠂ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ ᠪᠠᠶᠢᠭ᠎ᠠ ᠨᠥᠬᠦᠳ᠂ ᠨᠡᠶᠢᠭᠡᠮ ᠲᠣᠭᠤᠷᠢᠭ ᠢᠶᠠᠷ  ᠬᠦᠨᠵᠡᠭᠡᠶᠢᠷᠡᠨ ᠠᠵᠢᠯᠯᠠᠵᠤ ᠪᠠᠶᠢᠭ᠎ᠠ ᠨᠠᠮ ᠤᠨ ᠭᠡᠰᠢᠭᠦᠳ᠂ ᠰᠠᠶᠢᠨ ᠳᠤᠷᠠᠴᠤᠳ᠂ ᠡᠳ᠋ ᠪᠣᠳᠠᠰ ᠬᠠᠨᠳᠢᠪᠯᠠᠭᠰᠠᠨ ᠨᠢᠩᠵᠢᠨ ᠰᠡᠳᠬᠢᠯᠲᠦ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠦᠨᠳᠦᠳᠭᠡᠯ ᠲᠡᠪᠰᠢᠭᠦᠯᠦᠶ᠎ᠡ︕
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号