ᠡᠨᠡ ᠵᠢᠯ ᠤᠨ ︽3.15︾ ᠥᠩᠭᠡᠷᠡᠭᠰᠡᠨ ᠵᠢᠯ ᠤᠳ ᠲᠠᠢ ᠠᠳᠠᠯᠢ ᠦᠭᠡᠢ
ᠨᠡᠶᠢᠲᠡᠯᠡᠭᠰᠡᠨ ᠴᠠᠭ᠄
2020-03-11
       ︵ᠰᠤᠷᠪᠤᠯᠵᠢᠯᠠᠭᠴᠢ ᠯᠢᠦ ᠹᠠᠩ︶ 38 ᠳᠠᠬᠢ ︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ  ᠣᠶᠢᠷᠠᠳᠬᠤ ᠶᠢ ᠳᠠᠭᠠᠯᠳᠤᠨ᠂ ᠬᠡᠷᠡᠭᠯᠡᠭᠴᠢ ᠶᠢᠨ ᠡᠷᠬᠡ ᠠᠰᠢᠭ ᠢᠶᠠᠨ ᠬᠠᠮᠠᠭᠠᠯᠠᠬᠤ ᠨᠢ ᠬᠡᠷᠡᠭᠯᠡᠭᠴᠢᠳ ᠤᠨ ᠠᠩᠬᠠᠷᠤᠯ ᠤᠨ ᠲᠥᠪ ᠪᠠ ᠬᠠᠯᠠᠮᠰᠢᠯ ᠶᠠᠷᠢᠯᠴᠠᠭᠠᠨ ᠤ ᠰᠡᠳᠦᠪ ᠪᠣᠯᠪᠠ᠃ ᠥᠴᠥᠭᠡᠳᠦᠷ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ  ᠣᠶᠢᠯᠠᠭᠠᠭᠰᠠᠨ ᠢᠶᠠᠷ᠂ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠣᠨᠴᠠᠭᠠᠢ ᠴᠠᠭ ᠬᠤᠭᠤᠴᠠᠭᠠᠨ ᠳᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠮᠠᠨ ᠤ ᠣᠷᠣᠨ ᠤ ᠥᠷᠭᠡᠨ ᠣᠯᠠᠨ ᠬᠡᠷᠡᠭᠯᠡᠭᠴᠢᠳ ᠤᠨ ᠬᠡᠷᠡᠭᠯᠡᠭᠡ ᠳᠤᠮᠳᠠ ᠲᠣᠬᠢᠶᠠᠯᠳᠤᠭᠰᠠᠨ ᠰᠡᠳᠬᠢᠯ ᠵᠣᠪᠠᠭᠠᠭᠰᠠᠨ ᠤᠴᠢᠷ ᠢ ᠢᠯᠡᠴᠢᠯᠡᠨ ᠵᠠᠭᠠᠯᠳᠤᠬᠤ ᠳᠤ ᠨᠡᠩ ᠳᠥᠭᠦᠮ ᠦᠵᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠨᠡ ᠵᠢᠯ ᠤᠨ ︽3.15︾ ᠤ ᠬᠤᠭᠤᠴᠠᠭᠠᠨ ᠳᠤ ︽ᠡᠷᠢᠶᠡᠨ ᠴᠣᠬᠤᠷ ᠰᠢᠷᠪᠢᠨ ᠡᠷᠬᠡ ᠠᠰᠢᠭ ᠢᠶᠠᠨ ᠬᠠᠮᠠᠭᠠᠯᠠᠬᠤ︾ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃       ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 10 ᠤ ᠡᠳᠦᠷ ᠠᠴᠠ 15 ᠤ ᠡᠳᠦᠷ ᠪᠣᠯᠲᠠᠯ᠎ᠠ᠂ ᠬᠡᠷᠡᠭᠯᠡᠭᠴᠢᠳ ᠨᠢᠭᠡᠨᠲᠡ ᠲᠣᠬᠢᠷᠠᠭᠤᠯᠤᠭᠰᠠᠨ ᠡᠷᠢᠶᠡᠨ ᠴᠣᠬᠤᠷ ᠢ ᠰᠢᠷᠪᠢᠵᠦ᠂ APP᠂ ᠵᠢᠷᠭᠢᠭᠡ᠂ ᡁᠢ ᠹᠦ᠋ ᠪᠣᠣ ᠵᠡᠷᠭᠡ ᠳᠤ ᠳᠠᠩᠰᠠᠯᠠᠭᠤᠯᠵᠤ ᠣᠷᠣᠬᠤ ᠣᠯᠠᠨ ᠵᠦᠢᠯ ᠤᠨ ᠠᠷᠭ᠎ᠠ ᠵᠠᠮ ᠢᠶᠠᠷ ᠪᠦᠬᠦ ᠤᠯᠤᠰ ᠤᠨ 12315 ᠢᠨᠲ᠋ᠧᠷ ᠰᠦᠯᠵᠢᠶᠡᠨ ᠳᠡᠭᠡᠷᠡᠬᠢ ᠵᠠᠭᠠᠯᠳᠤᠬᠤ ᠳᠠᠷᠠᠭᠠᠯᠠᠯ ᠳᠤ ᠣᠷᠣᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠢᠳᠡᠭᠡᠨ ᠪᠠ ᠡᠮ ᠤᠨ ᠵᠦᠢᠯ ᠬᠢᠭᠡᠳ ᠪᠤᠰᠤᠳ ᠪᠠᠷᠠᠭ᠎ᠠ ᠪᠣᠯᠣᠨ ᠦᠢᠯᠡᠴᠢᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠢ ᠢᠯᠡᠴᠢᠯᠡᠨ ᠵᠠᠭᠠᠯᠳᠤᠵᠤ ᠪᠣᠯᠣᠨ᠎ᠠ᠃ ︽3 .15︾ ᠤ ᠠᠵᠢᠯᠯᠠᠭ᠎ᠠ ᠶᠢᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠵᠠᠭᠠᠯᠳᠤᠯᠭ᠎ᠠ ᠶᠢ ᠲᠡᠷᠡ ᠳᠠᠷᠤᠶ ᠳᠤᠨᠢ ᠭᠥᠯᠢᠶᠡᠨ ᠠᠪᠴᠤ᠂ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠵᠦ᠂ ᠬᠡᠷᠡᠭᠯᠡᠭᠡᠨ ᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠶᠠᠪᠤᠳᠠᠯ ᠪᠣᠯᠭᠠᠨ ᠳᠤ ᠬᠠᠷᠢᠭᠤᠯᠲᠠ ᠲᠠᠢ᠂ ᠶᠠᠪᠤᠳᠠᠯ ᠪᠣᠯᠭᠠᠨ ᠳᠤ ᠲᠤᠰᠬᠠᠯ ᠲᠠᠢ ᠪᠠᠶᠢᠬᠤ ᠶᠢ ᠪᠡᠶᠡᠯᠡᠭᠦᠯᠦᠨ᠎ᠡ᠃      ᠲᠠᠨᠢᠯᠴᠠᠭᠤᠯᠤᠭᠰᠠᠨ ᠢᠶᠠᠷ᠂ ᠬᠡᠷᠡᠭᠯᠡᠭᠴᠢ ᠪᠦᠬᠦ ᠤᠯᠤᠰ ᠤᠨ 12315 ᠢᠨᠲ᠋ᠧᠷ ᠰᠦᠯᠵᠢᠶᠡᠨ ᠤ ᠲᠠᠪᠴᠠᠩ ᠳᠤ ᠭᠠᠷᠬᠤ ᠳᠠᠭᠠᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠥᠪᠡᠷ ᠤᠨ ᠦᠨᠡᠨ ᠮᠡᠳᠡᠭᠡ ᠵᠠᠩᠭᠢ  ᠪᠠᠨ ᠰᠢᠯᠭᠠᠭᠤᠯᠬᠤ ᠬᠡᠷᠡᠭᠲᠡᠢ᠃ ᠰᠢᠯᠭᠠᠭᠤᠯᠤᠭᠰᠠᠨ ᠤ ᠳᠠᠷᠠᠭ᠎ᠠ᠂  ︽ᠵᠠᠭᠠᠯᠳᠤᠨ᠎ᠠ / ᠢᠯᠡᠴᠢᠯᠡᠨ᠎ᠡ︾ ᠳᠠᠷᠤᠪᠴᠢ ᠶᠢ ᠳᠠᠷᠤᠪᠠᠯ ᠬᠡᠷᠡᠭᠯᠡᠭᠴᠢ ᠳᠤ ᠬᠠᠮᠢᠶ᠎ᠠ ᠪᠦᠬᠦᠢ ᠦᠢᠯᠡᠴᠢᠯᠡᠭᠡ ᠬᠠᠩᠭᠠᠬᠤ ᠪᠣᠯᠣᠨ᠎ᠠ ︵ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠠᠳᠠᠷᠠᠭᠤᠯᠬᠤ ᠦᠭᠡᠢ᠂ ᠵᠠᠭᠠᠯᠳᠤᠭᠰᠠᠨ ᠬᠥᠮᠥᠨ ᠤ ᠪᠡᠶ᠎ᠡ ᠶᠢᠨ ᠭᠠᠷᠤᠯ ᠢ ᠴᠦ ᠨᠡᠶᠢᠲᠡᠯᠡᠬᠦ ᠦᠭᠡᠢ︶᠃      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠠᠨᠠᠭᠤᠯᠤᠭᠰᠠᠨ ᠨᠢ᠄ ᠬᠡᠷᠡᠭᠯᠡᠭᠴᠢᠳ ᠬᠡᠷᠪᠡ ᠬᠡᠷᠡᠭᠯᠡᠭᠡᠨ ᠤ ᠡᠷᠬᠡ ᠠᠰᠢᠭ ᠬᠠᠯᠳᠠᠯᠭ᠎ᠠ ᠳᠤ ᠤᠴᠠᠷᠠᠭᠰᠠᠨ ᠪᠤᠶᠤ ᠬᠤᠳᠠᠯ ᠬᠠᠭᠤᠷᠮᠠᠭ ᠴᠢᠨᠠᠷ ᠮᠠᠭᠤ ᠲᠠᠸᠠᠷ ᠵᠢᠴᠢ ᠬᠤᠳᠠᠯ ᠬᠠᠭᠤᠷᠮᠠᠭ ᠴᠢᠨᠠᠷ ᠮᠠᠭᠤ ᠲᠠᠸᠠᠷ ᠢ ᠦᠢᠯᠡᠳᠪᠦᠷᠢᠯᠡᠨ ᠪᠣᠷᠣᠯᠠᠭᠤᠯᠬᠤ ︽ᠬᠠᠷ᠎ᠠ ᠡᠭᠦᠷ︾ ᠢ ᠢᠯᠡᠷᠡᠭᠦᠯᠪᠡᠯ᠂ ᠡᠷᠬᠡ ᠠᠰᠢᠭ ᠢᠶᠠᠨ ᠬᠠᠮᠠᠭᠠᠯᠠᠬᠤ ᠡᠷᠢᠶᠡᠨ ᠴᠣᠬᠤᠷ ᠢ ᠰᠢᠷᠪᠢᠬᠦ ᠪᠤᠶᠤ ᠰᠢᠭᠤᠳ 12315 ᠢᠯᠡᠴᠢᠯᠡᠨ ᠵᠠᠭᠠᠯᠳᠤᠬᠤ ᠤᠲᠠᠰᠤ ᠪᠠᠷ ᠢᠯᠡᠴᠢᠯᠡᠨ ᠮᠡᠳᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠤᠭ ᠤᠨ ᠶᠡᠭᠡ ᠴᠢᠷᠮᠠᠶᠢᠯᠭ᠎ᠠ ᠪᠠᠷ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠢ ᠶᠢᠨ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠨ ᠰᠢᠢᠳᠪᠦᠷᠢᠯᠡᠨ᠎ᠡ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号