ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2020-03-11
     ᠣᠷᠴᠢᠮᠬᠠᠨ᠂ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠭᠠᠯᠲᠤ ᠲᠡᠷᠭᠡᠨ ᠤ ᠵᠡᠭᠦᠨ ᠥᠷᠲᠡᠭᠡ ᠶᠢᠨ ᠨᠡᠶᠢᠲᠡ ᠶᠢᠨ ᠮᠠᠰᠢᠨ ᠤ ᠲᠠᠯᠠᠪᠤᠷ ᠵᠣᠭᠰᠣᠭᠠᠯ ᠭᠠᠵᠠᠷ ᠲᠤ ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃      ᠨᠡᠶᠢᠲᠡ ᠶᠢᠨ ᠵᠠᠮ ᠬᠠᠷᠢᠯᠴᠠᠭᠠᠨ ᠤ ᠬᠡᠰᠡᠭ ᠵᠠᠮ ᠱᠤᠭᠤᠮ ᠢ ᠰᠡᠷᠭᠦᠭᠡᠵᠦ ᠡᠬᠢᠯᠡᠭᠰᠡᠨ ᠠᠴᠠ ᠨᠠᠭᠠᠰᠢ᠂ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠰᠡᠷᠭᠡᠶᠢᠯᠡᠨ ᠡᠵᠡᠮᠳᠡᠬᠦ ᠪᠠᠨ ᠥᠴᠥᠬᠡᠨ ᠴᠦ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠨᠡᠶᠢᠲᠡ ᠶᠢᠨ ᠮᠠᠰᠢᠨ ᠤ ᠲᠠᠯᠠᠪᠤᠷ ᠵᠣᠭᠰᠣᠭᠠᠯ ᠭᠠᠵᠠᠷ ᠪᠠ ᠡᠵᠡᠩᠨᠡᠯᠲᠡ ᠶᠢᠨ ᠲᠡᠷᠭᠡ ᠶᠢ ᠡᠳᠦᠷ ᠪᠦᠷᠢ ᠠᠷᠢᠭᠤᠳᠬᠠᠵᠤ᠂ ᠲᠡᠷᠭᠡ ᠪᠦᠷᠢ ᠳᠤ ᠲᠤᠰᠬᠠᠢ ᠪᠡᠶ᠎ᠡ ᠶᠢᠨ  ᠲᠣᠯᠠᠭᠠᠨ ᠢ ᠪᠠᠶᠢᠴᠠᠭᠠᠬᠤ ᠬᠥᠮᠥᠨ ᠲᠣᠬᠢᠷᠠᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠡᠯ᠎ᠡ ᠭᠤᠭᠴᠤᠭ᠎ᠠ ᠵᠢᠴᠢ ᠢᠯᠡᠷᠡᠵᠦ ᠮᠡᠳᠡᠬᠦ ᠡᠯ᠎ᠡ ᠵᠦᠢᠯ ᠤᠨ ᠣᠨᠴᠠᠭᠠᠢ ᠪᠠᠶᠢᠳᠠᠯ ᠢ ᠪᠣᠳᠠᠲᠠᠢ ᠨᠠᠷᠢᠯᠢᠭᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠡᠮᠬᠢ ᠵᠢᠷᠤᠮ ᠪᠠ ᠠᠶᠤᠯᠭᠦᠢ ᠶᠢ ᠪᠠᠲᠤᠯᠠᠭᠰᠠᠨ ᠪᠠᠶᠢᠨ᠎ᠠ᠃ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠤᠷᠤᠨ᠎ᠠ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号