| | | ᠵᠣᠴᠢᠨ᠄ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠮ | ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠦ᠋ ᠴᠧᠩ ᠢ | ᠨᠠᠮ ᠪᠠ ᠣᠯᠠᠨ ᠲᠦᠮᠡᠨ ᠤ ᠠᠯᠪᠠᠨ ᠭᠡᠷ ᠤᠨ ᠡᠷᠬᠢᠯᠡᠭᠴᠢ ᠳ᠋ᠦᠩ ᠷᠦᠢ ᠺᠠᠩ | ᠵᠠᠰᠠᠮᠠᠯ ᠵᠠᠮ ᠤᠨ ᠰᠠᠯᠠᠭ᠎ᠠ ᠶᠢᠨ ᠳᠠᠷᠤᠭ᠎ᠠ ᠬᠤ᠋ ᠸᠧᠢ ᠬᠤᠸᠠ | ᠲᠡᠭᠡᠭᠡᠪᠦᠷᠢ ᠶᠢᠨ ᠰᠠᠯᠠᠭ᠎ᠠ ᠶᠢᠨ ᠳᠠᠷᠤᠭ᠎ᠠ ᠰᠢᠤᠸᠠᠢ ᠵᠧᠩ ᠴᠢ | ᠠᠯᠪᠠᠨ ᠭᠡᠷ ᠤᠨ ᠡᠷᠬᠢᠯᠡᠭᠴᠢ ᠭᠡᠰᠢᠭᠦᠨ ᠯᠢ ᠷᠦᠢ ᠮᠢᠩ | ᠵᠠᠮ ᠬᠠᠷᠢᠯᠴᠠᠭ᠎ᠠ ᠶᠢᠨ ᠶᠡᠷᠦᠩᠬᠡᠢ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠰᠢᠶᠧ ᠸᠧᠨ ᠶᠦᠨ | 1. ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ | ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ | ᠦᠯᠡᠳᠡᠭᠡᠵᠦ ᠵᠤᠴᠢᠨ ᠲᠠᠢ ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | 2. ᠬᠥᠲᠥᠯᠥᠭᠴᠢ | ᠲᠨ ᠬᠡᠷᠪᠡ ᠮᠠᠨ ᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠠᠵᠢᠯ ᠳᠤ ᠶᠠᠮᠠᠷ ᠰᠠᠨᠠᠯ ᠰᠠᠨᠠᠭᠤᠯᠭ᠎ᠠ ᠡᠰᠡᠬᠦᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠠᠰᠠᠭᠤᠯᠲᠠ ᠪᠠᠶᠢᠪᠠᠯ ᠰᠦᠯᠵᠢᠶᠡᠨ ᠳᠡᠭᠡᠷ᠎ᠡ ᠦᠭᠡ ᠦᠯᠡᠳᠡᠭᠡᠵᠦ᠂ ᠵᠣᠴᠢᠨ ᠲᠠᠢ ᠶᠠᠷᠢᠯᠴᠠᠵᠤ ᠪᠣᠯᠣᠨ᠎ᠠ | ᠃ | 3. ᠬᠥᠲᠥᠯᠥᠭᠴᠢ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠪᠣᠯᠣᠭᠰᠠᠨ ᠤ | ᠬᠤᠪᠢ ᠳᠤ ᠵᠠᠮ ᠤᠨ ᠪᠣᠭᠤᠮᠲᠠ᠂ ︽ᠨᠢᠭᠡ ᠪᠠᠭᠤᠳᠠᠯ ᠬᠤᠶᠠᠷ ᠥᠷᠲᠡᠭᠡ︾᠂ ᠨᠠᠮ ᠤᠨ ᠭᠡᠰᠢᠭᠦᠨ ᠤ ᠬᠤᠰᠢᠭᠤᠴᠢ ᠠᠩᠭᠢ ᠳᠡᠭᠡᠷ᠎ᠡ ᠴᠥᠮ ᠰᠠᠶᠢᠨ ᠦᠢᠯᠡᠳᠦᠯ | ᠦᠵᠡᠭᠦᠯᠪᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠶᠡᠷᠦᠩᠬᠡᠢ ᠠᠵᠢᠯ ᠢ ᠶᠠᠷᠢᠵᠤ ᠥᠭᠬᠦ ᠪᠣᠯᠪᠠ ᠦᠦ ︖ | 4. ᠦ᠋ ᠴᠧᠩ ᠢ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠮᠠᠨ ᠤ ᠲᠣᠪᠴᠢᠶ᠎ᠠ ᠠᠵᠢᠯ ᠲᠥᠷᠥᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠲᠣᠭᠲᠠᠭᠠᠵᠤ᠂ ᠵᠠᠮ | ᠬᠠᠷᠢᠯᠴᠠᠭ᠎ᠠ ᠶᠢ ᠪᠠᠲᠤᠯᠠᠬᠤ ᠳᠤᠭᠤᠶᠢᠯᠠᠩ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠠᠵᠢᠯ ᠤᠨ ᠲᠣᠭᠲᠠᠴᠠ ᠲᠣᠭᠲᠠᠭᠠᠵᠤ᠂ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤᠬᠢ ᠬᠠᠮᠲᠤᠷᠠᠯᠴᠠᠭ᠎ᠠ ᠶᠢ ᠴᠢᠩᠭᠠᠳᠬᠠᠨ᠂ ᠬᠤᠲᠠ ᠳᠤ ᠣᠷᠣᠬᠤ ᠨᠢᠭᠡᠳᠦᠭᠡᠷ | ᠪᠣᠭᠤᠮᠲᠠ ᠶᠢ ᠴᠢᠩᠭ᠎ᠠ ᠰᠠᠬᠢᠵᠤ᠂ ᠬᠤᠲᠠ ᠶᠢᠨ ᠢᠷᠭᠡᠳ ᠤᠨ ᠶᠠᠪᠤᠵᠤ ᠰᠠᠭᠤᠬᠤ ᠱᠠᠭᠠᠷᠳᠠᠯᠭ᠎ᠠ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ | ᠵᠥᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠤᠨ ᠠᠮᠢᠳᠤᠷᠠᠯ ᠤᠨ ᠡᠳ᠋ ᠪᠣᠳᠠᠰ᠂ ᠰᠡᠷᠭᠡᠶᠢᠯᠡᠨ ᠡᠵᠡᠮᠳᠡᠬᠦ ᠡᠮ ᠲᠠᠩ᠂ ᠲᠣᠨᠤᠭ ᠲᠥᠬᠦᠭᠡᠷᠦᠮᠵᠢ ᠵᠡᠷᠭᠡ ᠶᠢᠨ | ᠵᠥᠭᠡᠭᠡᠪᠦᠷᠢ ᠶᠢᠨ ᠬᠡᠷᠡᠭᠴᠡᠭᠡ ᠶᠢ ᠪᠠᠲᠤᠯᠠᠪᠠ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ | ᠪᠠᠶᠢᠭᠤᠯᠤᠭᠰᠠᠨ ᠨᠢ ᠣᠷᠣᠭᠤᠯᠤᠯᠲᠠ ᠶᠢᠨ ᠴᠢᠨᠠᠷᠲᠠᠢ ᠬᠢᠵᠢᠭ ᠤᠨ ᠪᠠᠶᠢᠳᠠᠯ ᠤᠨ ᠬᠤᠲᠠ ᠳᠤ ᠣᠷᠣᠬᠤ ᠶᠢ ᠰᠡᠷᠭᠡᠶᠢᠯᠡᠬᠦ ᠨᠢᠭᠡᠳᠦᠭᠡᠷ ᠬᠤᠷᠢᠭᠯᠠᠯᠲᠠ ᠶᠢᠨ | ᠱᠤᠭᠤᠮ ᠤᠨ ᠭᠤᠣᠯᠯᠠᠭᠴᠢ ᠬᠦᠴᠦᠨ ᠪᠣᠯᠪᠠ᠃ | 5. ᠬᠥᠲᠥᠯᠥᠭᠴᠢ | ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤ ᠦᠶ᠎ᠡ ᠳᠤ ᠣᠷᠣᠵᠤ᠂ ︽ᠭᠠᠳᠠᠨ᠎ᠠ ᠪᠠᠨ ᠣᠷᠣᠵᠤ ᠢᠷᠡᠬᠦ ᠪᠠ ᠭᠠᠷᠬᠤ ᠶᠢ ᠰᠡᠷᠭᠡᠶᠢᠯᠡᠵᠦ᠂ | ᠳᠣᠲᠣᠭᠠᠳᠤ ᠳᠤ ᠪᠠᠨ ᠳᠡᠯᠭᠡᠷᠡᠨ ᠲᠠᠷᠬᠠᠭᠠᠬᠤ ᠶᠢ ᠰᠡᠷᠭᠡᠶᠢᠯᠡᠬᠦ︾ ᠵᠠᠷᠴᠢᠮ ᠶᠣᠰᠣᠭᠠᠷ᠂ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢ ᠰᠡᠷᠭᠦᠭᠡᠬᠦ ᠬᠤᠶᠠᠷ | ᠲᠠᠯ᠎ᠠ ᠶᠢᠨ ᠠᠵᠢᠯ ᠢ ᠬᠠᠪᠰᠤᠷᠭᠠᠬᠤ ᠲᠠᠯ᠎ᠠ ᠪᠠᠷ ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠵᠢᠯ ᠬᠢᠬᠦ ᠲᠤᠬᠠᠢ ᠶᠠᠷᠢᠵᠤ ᠥᠭᠭᠦᠨ᠎ᠡ ᠦᠦ︖ | 6. ᠦ᠋ ᠴᠧᠩ ᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠷᠭ᠎ᠠ ᠪᠣᠳᠣᠯᠭ᠎ᠠ ᠶᠢ | ᠣᠨᠣᠪᠴᠢᠲᠠᠢ ᠬᠡᠷᠡᠭᠵᠢᠭᠦᠯᠦᠨ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ | ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠠᠵᠢᠯ ᠤᠨ ᠵᠠᠮ ᠬᠠᠷᠢᠯᠴᠠᠭᠠᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢ | ᠰᠡᠷᠭᠦᠭᠡᠬᠦ ᠠᠵᠢᠯ ᠤᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠴᠢᠨᠠᠭᠰᠢᠳᠠ ᠳᠣᠣᠷᠠᠬᠢ ᠬᠡᠳᠦᠨ ᠲᠠᠯ᠎ᠠ ᠶᠢ ᠰᠠᠶᠢᠲᠤᠷ ᠬᠢᠨ᠎ᠡ᠄ | ᠨᠢᠭᠡ ᠳᠤ᠂ ᠪᠠᠳᠤᠯᠠᠭ᠎ᠠ ᠶᠢᠨ ᠠᠵᠢᠯ ᠢ ᠪᠤᠳᠠᠳᠠᠢ ᠵᠤᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ | ︽ᠨᠢᠭᠡ ᠶᠢ ᠲᠠᠰᠤᠯᠵᠤ ᠭᠤᠷᠪᠠ ᠶᠢ ᠲᠠᠰᠤᠯᠬᠤ ᠦᠭᠡᠢ︾ ᠶᠡᠷᠦᠩᠬᠡᠢ ᠱᠠᠭᠠᠷᠳᠠᠯᠭ᠎ᠠ ᠶᠢᠨ ᠶᠣᠰᠣᠭᠠᠷ᠂ ᠰᠡᠷᠭᠡᠶᠢᠯᠡᠨ ᠡᠵᠡᠮᠳᠡᠬᠦ ᠪᠠ ᠲᠡᠭᠡᠭᠡᠪᠦᠷᠢ ᠶᠢᠨ | ᠠᠵᠢᠯ ᠢ ᠬᠠᠮᠲᠤ ᠳᠤᠨᠢ ᠰᠠᠶᠢᠨ ᠬᠢᠬᠦ᠂ ᠲᠥᠷᠥᠯ ᠬᠤᠪᠢᠶᠠᠨ ᠵᠢᠯᠣᠭᠤᠳᠬᠤ᠂ ᠭᠤᠣᠯᠳᠠᠯᠭ᠎ᠠ ᠶᠢ ᠳᠣᠪᠣᠶᠢᠯᠭᠠᠬᠤ᠂ ᠨᠠᠷᠢᠨ ᠨᠢᠭᠲᠠ ᠪᠠᠶᠢᠷᠢᠰᠢᠭᠤᠯᠬᠤ ᠵᠠᠷᠴᠢᠮ ᠢ | ᠪᠠᠷᠢᠮᠲᠠᠯᠠᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠵᠢᠮᠲᠦ ᠵᠠᠮ ᠤᠨ ᠺᠣᠮᠫᠠᠨᠢ᠂ ᠡᠯ᠎ᠡ | ᠬᠤᠰᠢᠭᠤ ᠰᠢᠶᠠᠨ ᠲᠣᠭᠤᠷᠢᠭ ᠤᠨ ᠵᠢᠯᠣᠭᠤᠳᠬᠤ ᠭᠠᠵᠠᠷ ᠢᠶᠠᠷ ᠪᠦᠷᠢᠯᠳᠦᠭᠰᠡᠨ ᠠᠵᠢᠯ ᠤᠨ ᠳᠤᠭᠤᠶᠢᠯᠠᠩ ᠪᠠᠶᠢᠭᠤᠯᠵᠤ᠂ ᠲᠡᠭᠡᠭᠡᠪᠦᠷᠢ ᠶᠢᠨ ᠦᠢᠯᠡᠴᠢᠯᠡᠭᠡ ᠢ | ᠰᠡᠷᠭᠦᠭᠡᠬᠦ ᠠᠵᠢᠯ ᠢ ᠬᠠᠮᠲᠤᠷᠠᠨ ᠠᠬᠢᠭᠤᠯᠵᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠲᠤ ᠲᠡᠶᠢᠰᠢ ᠪᠠᠨ ᠦᠵᠦᠭᠦᠷ ᠬᠦᠷᠴᠦ | ᠬᠥᠨᠳᠡᠯᠡᠨ ᠲᠡᠶᠢᠰᠢ ᠪᠠᠨ ᠬᠥᠪᠡᠭᠡ ᠬᠦᠷᠬᠦ ᠶᠢ ᠪᠠᠲᠤᠯᠠᠨ᠎ᠠ᠃ | ᠬᠤᠶᠠᠷ ᠲᠤ᠂ ᠲᠡᠭᠡᠭᠡᠪᠦᠷᠢ ᠶᠢᠨ ᠦᠢᠯᠡᠴᠢᠯᠡᠭᠡ ᠶᠢ ᠰᠡᠷᠭᠦᠭᠡᠵᠦ᠂ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠳᠥᠭᠦᠮ | ᠦᠵᠡᠭᠦᠯᠦᠨ᠎ᠡ | ︵1︶ ᠠᠶᠠᠨᠴᠢᠳ ᠤᠨ ᠡᠭᠡᠯᠵᠢ ᠶᠢᠨ ᠲᠡᠷᠭᠡ ᠶᠢᠨ ᠡᠵᠡᠩᠨᠡᠯᠲᠡ ᠶᠢ ᠰᠡᠷᠭᠦᠭᠡᠨ᠎ᠡ᠃ 2 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ ᠬᠤᠲᠠ ᠶᠢᠨ | ᠲᠣᠭᠤᠷᠢᠭ ᠤᠨ 3 ᠠᠶᠠᠨᠴᠢᠳ ᠤᠨ ᠲᠡᠷᠭᠡᠨ ᠥᠷᠲᠡᠭᠡ ᠪᠠ ᠬᠤᠰᠢᠭᠤ ᠰᠢᠶᠠᠨ ᠤ ᠲᠡᠷᠭᠡᠨ ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ | ᠣᠶᠢᠷ᠎ᠠ ᠣᠷᠴᠢᠮ ᠤᠨ ᠠᠶᠢᠮᠠᠭ ᠬᠤᠲᠠ ᠶᠢᠨ ᠬᠤᠭᠤᠷᠣᠨᠳᠤ᠂ ᠬᠤᠲᠠ ᠶᠢᠨ ᠲᠣᠭᠤᠷᠢᠭ ᠪᠣᠯᠣᠨ ᠬᠤᠰᠢᠭᠤ ᠰᠢᠶᠠᠨ ᠤ ᠬᠤᠭᠤᠷᠣᠨᠳᠤ ᠶᠢᠨ ᠠᠶᠠᠨᠴᠢᠨ ᠤ | ᠲᠡᠷᠭᠡ ᠶᠢᠨ ᠵᠠᠮ ᠱᠤᠭᠤᠮ ᠢ ᠪᠦᠬᠦᠨ ᠢ ᠨᠡᠭᠡᠭᠡᠨ᠎ᠡ᠃ ᠠᠵᠢᠯ ᠳᠠᠭᠠᠨ ᠪᠤᠴᠠᠬᠤ ᠰᠤᠷᠭᠠᠭᠤᠯᠢ ᠳᠠᠭᠠᠨ ᠪᠤᠴᠠᠬᠤ ᠱᠠᠭᠠᠷᠳᠠᠯᠭ᠎ᠠ ᠪᠠᠷ ᠲᠡᠷᠭᠡ ᠬᠥᠯᠥᠰᠦᠯᠡᠭᠦᠯᠬᠦ | ᠠᠵᠢᠯ ᠡᠷᠬᠢᠯᠡᠪᠡ᠃ | ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠲᠡᠷᠭᠡᠨ ᠥᠷᠲᠡᠭᠡ᠂ ᠠᠶᠠᠨᠴᠢᠨ ᠤ | ᠲᠡᠭᠡᠭᠡᠪᠦᠷᠢ ᠶᠢᠨ ᠠᠵᠤ ᠠᠬᠤᠶᠢᠯᠠᠯ ᠤᠳ ᠲᠡᠷᠭᠡ ᠨᠡᠪᠲᠡᠷᠡᠭᠡ ᠦᠭᠡᠢ ᠮᠤᠵᠢ ᠶᠢᠨ ᠬᠤᠭᠤᠷᠣᠨᠳᠤᠬᠢ ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ | ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠥᠬᠦᠴᠡᠯ ᠳᠤ ᠨᠡᠶᠢᠴᠡᠭᠰᠡᠨ ᠢ ᠳᠣᠣᠷ᠎ᠠ ᠨᠢ ᠰᠡᠷᠭᠦᠭᠡᠵᠦ᠂ ᠡᠷᠲᠡ ᠨᠢᠭᠡᠨ ᠡᠳᠦᠷ ᠬᠢᠵᠢᠭ ᠤᠨ ᠪᠠᠶᠢᠳᠠᠯ ᠠᠴᠠ | ᠡᠮᠦᠨᠡᠬᠢ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ | ︵2︶ ᠲᠦᠷᠢᠶᠡᠰᠦᠨ ᠮᠠᠰᠢᠨ ᠤ ᠠᠵᠢᠯ ᠲᠦᠷᠦᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠬᠡᠬᠤᠲᠠ ᠶᠢᠨ ᠲᠦᠷᠢᠶᠡᠰᠦᠨ ᠮᠠᠰᠢᠨ ᠡᠳᠦᠷ ᠪᠦᠷᠢ ᠪᠠᠷᠤᠭ 2800 ᠭᠠᠷᠤᠢ ᠲᠡᠷᠭᠡ ᠠᠵᠢᠯᠯᠠᠵᠤ᠂ ᠨᠡᠶᠢᠲᠡ | 35.01 ᠬᠥᠮᠥᠨ ᠤᠳᠠᠭ᠎ᠠ ᠵᠥᠭᠡᠭᠡᠪᠦᠷᠢᠯᠡᠵᠦ᠂ ᠬᠤᠲᠠ ᠶᠢᠨ ᠢᠷᠭᠡᠳ ᠤᠨ ᠦᠨᠳᠦᠰᠦᠨ ᠱᠠᠭᠠᠷᠳᠠᠯᠭ᠎ᠠ ᠶᠢ ᠬᠠᠩᠭᠠᠪᠠ᠃ ︽ᠲᠥᠰᠥᠯ︾ ᠤᠨ | ᠪᠠᠶᠢᠷᠢᠯᠠᠭᠤᠯᠤᠯᠲᠠ ᠶᠣᠰᠣᠭᠠᠷ᠂ 24 ᠤᠨ ᠡᠳᠦᠷ ᠠᠴᠠ ᠬᠤᠶᠢᠰᠢ᠂ ᠬᠤᠲᠠ ᠶᠢᠨ ᠡᠯ᠎ᠡ ᠲᠣᠭᠤᠷᠢᠭ ᠤᠨ ᠲᠦᠷᠢᠶᠡᠰᠦᠨ ᠮᠠᠰᠢᠨ ᠤ ᠺᠣᠮᠫᠠᠨᠢ᠂ ᠰᠦᠯᠵᠢᠶᠡᠨ | ᠳᠡᠭᠡᠷ᠎ᠡ ᠪᠣᠯᠵᠣᠬᠤ ᠲᠡᠷᠭᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠵᠥᠭᠡᠭᠡᠪᠦᠷᠢ ᠶᠢᠨ ᠬᠦᠴᠦᠨ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠡᠯ᠎ᠡ | ᠬᠤᠰᠢᠭᠤ ᠰᠢᠶᠠᠨ ᠤ ᠲᠦᠷᠢᠶᠡᠰᠦᠨ ᠮᠠᠰᠢᠨ ᠤ ᠡᠵᠡᠩᠨᠡᠯᠲᠡ ᠶᠢ ᠵᠢᠯᠣᠭᠤᠳᠤᠨ ᠰᠡᠷᠭᠦᠭᠡᠨ᠎ᠡ᠃ | ︵3︶ ᠨᠡᠶᠢᠲᠡ ᠶᠢᠨ ᠮᠠᠰᠢᠨ ᠤ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠃ | ᠭᠤᠷᠪᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠨ᠂ ᠠᠷᠢᠭᠤᠨ ᠴᠡᠪᠡᠷ ᠤᠨ ᠠᠶᠤᠯᠭᠦᠢ ᠶᠢ ᠪᠠᠲᠤᠯᠠᠨ᠎ᠠ᠃ | ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡᠨ ᠥᠷᠲᠡᠭᠡ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠵᠢᠴᠢ ᠲᠦᠷᠢᠶᠡᠰᠦᠨ ᠮᠠᠰᠢᠨ ᠤ ᠠᠵᠤ | ᠠᠬᠤᠶᠢᠯᠠᠯ ᠤᠳ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠲᠠᠯᠠᠪᠠᠢ ᠥᠷᠲᠡᠭᠡ᠂ | ᠲᠡᠷᠭᠡ ᠤᠨᠤᠭ᠎ᠠ ᠶᠢ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠴᠡᠪᠡᠷᠯᠡᠬᠦ᠂ ᠠᠵᠢᠯᠲᠠᠳ ᠢ ᠬᠠᠮᠠᠭᠠᠯᠠᠬᠤ ᠵᠢᠴᠢ ᠠᠶᠠᠨᠴᠢᠳ ᠢ ᠬᠠᠮᠠᠭᠠᠯᠠᠬᠤ ᠠᠵᠢᠯ ᠢ ᠰᠠᠶᠢᠲᠤᠷ | ᠬᠢᠨ᠎ᠡ᠃ | 7. ᠬᠥᠲᠥᠯᠥᠭᠴᠢ | ᠵᠠᠰᠠᠮᠠᠯ ᠵᠠᠮ ᠤᠨ ᠲᠠᠯ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠪᠡ︖ | 8. ᠬᠤ᠋ ᠸᠧᠢ ᠬᠤᠸᠠ | 2020 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠤᠨ ᠣᠷᠣᠢ᠂ ᠸᠠᠩ ᠯᠢ ᠰᠢᠶᠠ ᠱᠦᠵᠢ ᠶᠢᠨ ᠵᠢᠭᠠᠪᠤᠷᠢ ᠪᠠᠷ ᠬᠤᠲᠠ ᠶᠢᠨ ᠵᠠᠰᠠᠭ ᠤᠨ | ᠣᠷᠳᠣᠨ ᠲᠡᠷᠡ ᠳᠠᠷᠤᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠬᠤᠷᠠᠯ ᠤᠨ ᠱᠠᠭᠠᠷᠳᠠᠯᠭ᠎ᠠ ᠶᠣᠰᠣᠭᠠᠷ 1 ᠳ᠋ᠦ᠋ᠭᠡᠷ ᠰᠠᠷ᠎ᠠ ᠶᠢᠨ 24 ᠤ ᠡᠳᠦᠷ ᠠᠴᠠ ᠡᠬᠢᠯᠡᠨ | ᠬᠥᠬᠡᠬᠤᠲᠠ ᠣᠷᠣᠨ ᠤ ᠵᠠᠰᠠᠮᠠᠯ ᠵᠠᠮ ᠤᠨ ᠪᠣᠭᠤᠮᠲᠠ ᠬᠠᠭᠠᠬᠤ ᠳᠠᠶᠢᠯᠠᠯᠳᠤᠭᠠᠨ ᠢ ᠡᠬᠢᠯᠡᠭᠦᠯᠪᠡ᠃ ᠬᠤᠲᠠ ᠶᠢ ᠲᠣᠭᠤᠷᠢᠭᠰᠠᠨ ᠲᠦᠷᠭᠡᠨ ᠤ ᠵᠠᠮ ᠪᠠ G6 | ᠲᠦᠷᠭᠡᠨ ᠵᠠᠮ ᠤᠨ ᠬᠤᠲᠠ ᠳᠤ ᠣᠷᠣᠬᠤ 6 ᠠᠮᠠᠰᠠᠷ ᠲᠡᠭᠡᠷ᠎ᠡ ᠪᠡᠶ᠎ᠡ ᠶᠢᠨ ᠬᠠᠯᠠᠭᠤᠨ ᠢ ᠬᠡᠮᠵᠢᠵᠦ ᠳᠠᠩᠰᠠᠯᠠᠬᠤ ᠠᠵᠢᠯ ᠢ ᠡᠬᠢᠯᠡᠭᠦᠯᠬᠦ ᠶᠢᠨ ᠬᠠᠮᠲᠤ ᠡᠯ᠎ᠡ | ᠬᠤᠰᠢᠭᠤ ᠰᠢᠶᠠᠨ ᠲᠣᠭᠤᠷᠢᠭ ᠤᠨ ᠵᠠᠮ ᠬᠠᠷᠢᠯᠴᠠᠭ᠎ᠠ ᠶᠢᠨ ᠰᠠᠯᠠᠭ᠎ᠠ ᠮᠥᠴᠢᠷ ᠢ ᠳᠠᠷᠤᠶᠢᠬᠠᠨ ᠬᠥᠳᠡᠯᠦᠯᠴᠡᠵᠦ ᠬᠥᠬᠡᠬᠤᠲᠠ ᠣᠷᠣᠨ ᠤ ᠣᠷᠣᠵᠤ ᠭᠠᠷᠬᠤ ᠵᠠᠮ ᠢ | ᠬᠠᠮᠢᠶᠠᠷᠤᠨ ᠡᠵᠡᠮᠳᠡᠬᠦ ᠶᠢ ᠮᠡᠳᠡᠭᠳᠡᠪᠡ᠃ | 1 ᠳ᠋ᠦ᠋ᠭᠡᠷ ᠰᠠᠷ᠎ᠠ ᠶᠢᠨ 24 ᠤ ᠡᠳᠦᠷ ᠬᠢᠵᠢᠭ ᠤᠨ ᠪᠠᠶᠢᠳᠠᠯ ᠢ ᠪᠠᠶᠢᠴᠠᠭᠠᠬᠤ ᠴᠡᠭ ᠭᠠᠷᠭᠠᠭᠰᠠᠨ ᠠᠴᠠ ᠰᠡᠭᠦᠯ ᠤᠨ ᠬᠢᠵᠢᠭ ᠤᠨ ᠪᠠᠶᠢᠳᠠᠯ ᠢ ᠬᠡᠮᠵᠢᠨ | ᠪᠠᠶᠢᠴᠠᠭᠠᠬᠤ ᠥᠷᠲᠡᠭᠡ ᠭᠠᠷᠭᠠᠭᠰᠠᠨ ᠪᠣᠯᠲᠠᠯ᠎ᠠ᠂ ᠮᠠᠨ ᠤ ᠬᠤᠲᠠ ᠬᠠᠮᠤᠭ ᠤᠨ ᠣᠯᠠᠨ ᠦᠶ᠎ᠡ ᠳᠡᠭᠡᠨ 58 ᠵᠠᠰᠠᠮᠠᠯ ᠵᠠᠮ ᠤᠨ ᠬᠡᠮᠵᠢᠨ ᠪᠠᠶᠢᠴᠠᠭᠠᠬᠤ ᠥᠷᠲᠡᠭᠡ | ᠭᠠᠷᠭᠠᠵᠤ᠂ ᠬᠤᠲᠠ ᠶᠢᠨ ᠭᠤᠣᠯ ᠲᠣᠭᠤᠷᠢᠭ ᠲᠤ ᠣᠷᠣᠬᠤ ᠵᠡᠮ ᠳᠡᠭᠡᠷ᠎ᠡ13 ᠭᠤᠣᠯᠳᠠᠯᠭ᠎ᠠ ᠲᠠᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠪᠠ | ᠡᠯ᠎ᠡ ᠬᠤᠰᠢᠭᠤ ᠰᠢᠶᠠᠨ ᠲᠣᠭᠤᠷᠢᠭ ᠲᠤ 45 ᠬᠡᠮᠵᠢᠨ ᠪᠠᠶᠢᠴᠠᠭᠠᠬᠤ ᠥᠷᠲᠡᠭᠡ ᠲᠣᠬᠢᠷᠠᠭᠤᠯᠪᠠ᠃ 2 ᠳ᠋ᠤᠭᠠᠷ ᠰᠠᠷ᠎ᠠ ᠶᠢᠨ 10 ᠤ ᠡᠳᠦᠷ ᠬᠤᠲᠠ ᠠᠴᠠ | ᠭᠠᠷᠬᠤ ᠠᠮᠠᠰᠠᠷ ᠲᠤ ᠬᠡᠮᠵᠢᠨ ᠪᠠᠶᠢᠴᠠᠭᠠᠬᠤ ᠥᠷᠲᠡᠭᠡ ᠭᠠᠷᠭᠠᠭᠰᠠᠨ ᠠᠴᠠ 2 ᠳ᠋ᠤᠭᠠᠷ ᠰᠠᠷ᠎ᠠ ᠶᠢᠨ 22 ᠤᠨ ᠲᠡᠭ ᠴᠠᠭ ᠪᠣᠯᠲᠠᠯ᠎ᠠ᠂ ᠨᠡᠶᠢᠲᠡ | ᠬᠤᠲᠠ ᠠᠴᠠ ᠭᠠᠷᠬᠤ 54907 ᠲᠡᠷᠭᠡ ᠂ 82573 ᠬᠥᠮᠥᠨ ᠢ ᠬᠡᠮᠵᠢᠨ ᠪᠠᠶᠢᠴᠠᠭᠠᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠨᠡᠶᠢᠭᠡᠮ ᠤᠨ ᠰᠡᠷᠭᠡᠶᠢᠯᠡᠨ ᠡᠵᠡᠮᠳᠡᠬᠦ ᠲᠤᠭᠤᠶᠢᠯᠠᠩ ᠳᠤ ᠬᠦᠷᠭᠡᠭᠰᠡᠨ ᠭᠠᠳᠠᠨ᠎ᠠ ᠣᠷᠣᠨ ᠠᠴᠠ ᠬᠥᠬᠡᠬᠤᠲᠠ ᠳᠤ ᠢᠷᠡᠭᠰᠡᠨ | ᠬᠥᠮᠥᠨ ᠤ ᠮᠡᠳᠡᠭᠡ ᠵᠠᠩᠭᠢ 20 ᠲᠦᠮᠡᠨ ᠵᠣᠷᠪᠣᠰ ᠬᠦᠷᠪᠡ᠃ ᠠᠵᠢᠯ ᠳᠤ ᠭᠠᠷᠤᠭᠰᠠᠨ ᠬᠥᠮᠥᠨ ᠨᠡᠶᠢᠲᠡ 34631 ᠬᠥᠮᠥᠨ ᠤᠳᠠᠭ᠎ᠠ ᠳᠤ ᠬᠦᠷᠪᠡ᠃ | ︽ᠲᠠᠪᠤ ᠶᠢ ᠨᠢᠭᠡᠳᠦᠭᠦᠯᠬᠦ︾ ᠬᠡᠮᠵᠢᠨ ᠪᠠᠶᠢᠴᠠᠭᠠᠬᠤ ᠪᠠᠷᠢᠮᠵᠢᠶ᠎ᠠ ᠲᠣᠭᠲᠠᠭᠠᠨ᠂ ᠬᠡᠮᠵᠢᠨ ᠪᠠᠶᠢᠴᠠᠭᠠᠬᠤ ᠠᠵᠢᠯ ᠢ ᠵᠢᠷᠤᠮᠵᠢᠭᠤᠯᠪᠠ᠃ ᠬᠤᠪᠢ ᠬᠥᠮᠥᠨ ᠤ | ᠥᠪᠡᠷᠲᠡᠭᠡᠨ ᠳᠠᠩᠰᠠᠯᠠᠭᠤᠯᠬᠤ APP ᠶᠢ ᠬᠡᠷᠡᠭᠯᠡᠵᠦ᠂ ᠴᠢᠨᠠᠭᠰᠢᠳᠠ ᠪᠦᠬᠦ ᠬᠤᠲᠠ ᠶᠢᠨ ᠬᠡᠪᠴᠢᠶᠡᠨ ᠳᠤ ᠲᠦᠭᠡᠮᠡᠯᠵᠢᠭᠦᠯᠦᠨ ᠬᠡᠷᠡᠭᠯᠡᠵᠦ᠂ ᠲᠤᠭ᠎ᠠ | ᠪᠠᠷᠢᠮᠲᠠ ᠶᠢᠨ ᠣᠨᠣᠪᠴᠢ ᠶᠢ ᠪᠠᠲᠤᠯᠠᠬᠤ᠂ ᠲᠡᠷᠭᠡ ᠨᠡᠪᠲᠡᠷᠡᠬᠦ ᠶᠢ ᠰᠢᠯᠤᠭᠤᠳᠬᠠᠬᠤ ᠂ ᠲᠤᠭ᠎ᠠ ᠪᠠᠷᠢᠮᠲᠠ ᠶᠢ ᠨᠡᠶᠢᠳᠬᠡᠬᠦ ᠳᠤ ᠶᠡᠬᠡᠬᠡᠨ ᠲᠤᠰᠠ ᠪᠣᠯᠵᠤ | ᠠᠵᠢᠯ ᠤᠨ ᠠᠰᠢᠭᠯᠠᠮᠵᠢ ᠶᠢ ᠳᠡᠭᠡᠭᠰᠢᠯᠡᠭᠦᠯᠪᠡ᠃ 2 ᠳ᠋ᠤᠭᠠᠷ ᠰᠠᠷ᠎ᠠ ᠶᠢᠨ 22 ᠤᠨ ᠡᠳᠦᠷ ᠪᠣᠯᠬᠤ ᠳᠤ᠂ ᠮᠠᠨ ᠤ ᠬᠤᠲᠠ ᠶᠢᠨ ᠡᠯ᠎ᠡ ᠵᠠᠰᠠᠮᠠᠯ ᠵᠠᠮ ᠤᠨ | ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ︽ᠵᠠᠰᠠᠮᠠᠯ ᠵᠠᠮ ᠤᠨ ᠪᠣᠭᠤᠮᠲᠠ ᠪᠣᠯ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ᠂ ᠰᠡᠷᠭᠡᠶᠢᠯᠡᠨ ᠡᠵᠡᠮᠳᠡᠬᠦ ᠳᠤ | ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ ᠠᠵᠢᠯ ᠤᠨ ᠱᠠᠭᠠᠷᠳᠠᠯᠭ᠎ᠠ ᠳᠤ ᠬᠦᠷᠪᠡ᠃ | 2 ᠳ᠋ᠤᠭᠠᠷ ᠰᠠᠷ᠎ᠠ ᠶᠢᠨ 22 ᠤᠨ ᠡᠳᠦᠷ ᠤᠨ 18 ᠴᠠᠭ ᠲᠤ᠂ ᠳᠡᠭᠡᠳᠦ ᠱᠠᠲᠤᠨ ᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠪᠦᠬᠦ | ᠬᠤᠲᠠ ᠶᠢᠨ 58 ᠬᠡᠮᠵᠢᠨ ᠪᠠᠶᠢᠴᠠᠭᠠᠬᠤ ᠥᠷᠲᠡᠭᠡ ᠶᠢ ᠪᠠᠭᠤᠯᠭᠠᠵᠤ᠂ ᠪᠦᠬᠦ ᠬᠤᠲᠠ ᠶᠢᠨ ᠬᠡᠪᠴᠢᠶᠡᠨ ᠳᠠᠬᠢ ᠲᠦᠷᠭᠡᠨ ᠤ ᠵᠠᠮ᠂ ᠡᠩ ᠤᠨ ᠤᠯᠤᠰ ᠮᠤᠵᠢ | ᠰᠢᠶᠠᠨ ᠰᠢᠶᠠᠩ ᠲᠣᠰᠬᠤᠨ ᠤ ᠵᠠᠮ ᠳᠡᠭᠡᠷᠡᠬᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠶᠢ ᠪᠦᠬᠦᠨ ᠢ ᠪᠠᠭᠤᠯᠭᠠᠪᠠ᠃ | 9. ᠬᠥᠲᠥᠯᠥᠭᠴᠢ | ︽ᠨᠢᠭᠡ ᠪᠠᠭᠤᠳᠠᠯ ᠬᠤᠶᠠᠷ ᠥᠷᠲᠡᠭᠡ︾ ᠶᠢᠨ ᠬᠠᠮᠢᠶᠠᠷᠤᠨ ᠡᠵᠡᠮᠳᠡᠬᠦ ᠲᠠᠯ᠎ᠠ ᠶᠢᠨ ᠠᠵᠢᠯ ᠤᠨ ᠪᠠᠶᠢᠳᠠᠯ ᠠᠴᠠ ᠶᠠᠷᠢᠵᠤ ᠥᠭᠭᠦᠨ᠎ᠡ ᠦᠦ︖ | 10. ᠰᠢᠤᠸᠠᠢ ᠵᠧᠩ ᠴᠢ | 8 ᠤ ᠡᠳᠦᠷ ᠤᠨ ᠣᠷᠣᠢ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ ᠬᠠᠷᠢᠯᠴᠠᠭ᠎ᠠ ᠶᠢᠨ | ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠵᠠᠮ ᠬᠠᠷᠢᠯᠴᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠤᠨ | ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠮ ᠤᠨ ᠣᠷᠣᠵᠤ ᠭᠠᠷᠬᠤ ᠡᠭᠦᠳᠡ᠂ ︽ᠨᠢᠭᠡ ᠪᠠᠭᠤᠳᠠᠯ ᠬᠤᠶᠠᠷ ᠥᠷᠲᠡᠭᠡ︾ | ᠶᠢᠨ ᠵᠢᠯᠣᠭᠤᠴᠢ ᠠᠶᠠᠨᠴᠢᠨ ᠤ ᠮᠡᠳᠡᠭᠡ ᠵᠠᠩᠭᠢ ᠶᠢ ᠳᠠᠩᠰᠠᠯᠠᠬᠤ APP ᠵᠢᠨᠡᠭᠡᠭᠡᠨ ᠠᠰᠢᠭᠯᠠᠬᠤ ᠵᠡᠷᠭᠡ ᠤᠴᠢᠷ ᠶᠠᠪᠤᠳᠠᠯ ᠢ ᠰᠤᠳᠤᠯᠪᠠ᠃ 9 ᠤ | ᠡᠳᠦᠷ ᠠᠴᠠ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠯᠲᠤ | ᠲᠡᠷᠭᠡᠨ ᠤ ᠵᠡᠭᠦᠨ ᠥᠷᠲᠡᠭᠡ ᠳᠤ 300 ᠭᠠᠷᠤᠢ ᠬᠥᠮᠥᠨ ᠲᠣᠮᠢᠯᠠᠨ ᠰᠠᠭᠤᠯᠭᠠᠵᠤ᠂ ᠶᠠᠪᠤᠵᠤ ᠰᠠᠭᠤᠬᠤ ᠬᠥᠮᠥᠨ ᠤ ᠮᠡᠳᠡᠭᠡ ᠵᠠᠩᠭᠢ ᠶᠢ ᠳᠠᠩᠰᠠᠯᠠᠨ᠂ | ᠬᠥᠮᠥᠰ ᠤᠨ ᠥᠪᠡᠷᠲᠡᠭᠡᠨ ᠭᠡᠷ ᠲᠡᠭᠡᠨ ᠲᠤᠰᠠᠭᠠᠷᠯᠠᠬᠤ ᠪᠠ ᠵᠣᠴᠢᠳ ᠤᠨ ᠪᠠᠭᠤᠳᠠᠯ ᠳᠤ 14 ᠡᠳᠦᠷ ᠲᠤᠰᠠᠭᠠᠷᠯᠠᠬᠤ ᠠᠵᠢᠯ ᠢ ᠵᠢᠯᠣᠭᠤᠳᠪᠠ᠃ | 11. ᠬᠥᠲᠥᠯᠥᠭᠴᠢ | ᠲᠦᠷᠢᠶᠡᠰᠦᠨ ᠮᠠᠰᠢᠨ ᠢ ᠬᠠᠮᠢᠶᠠᠷᠤᠨ ᠡᠵᠡᠮᠳᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | 12. ᠰᠢᠤᠸᠠᠢ ᠵᠧᠩ ᠴᠢ | ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠠᠶᠠᠨᠴᠢᠨ ᠤ ᠡᠭᠡᠯᠵᠢ ᠶᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠮᠧᠲᠷᠤ᠋ ᠴᠥᠮ ᠵᠣᠭᠰᠣᠭᠰᠠᠨ ᠤ | ᠳᠠᠷᠠᠭ᠎ᠠ᠂ ᠬᠤᠲᠠ ᠶᠢᠨ ᠵᠠᠮ ᠬᠠᠷᠢᠯᠴᠠᠭ᠎ᠠ ᠶᠢᠨ ᠡᠷᠭᠢᠯᠲᠡ ᠪᠠ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠳᠦᠰᠦᠨ ᠳᠡᠭᠡᠨ ᠲᠦᠷᠢᠶᠡᠰᠦᠨ | ᠮᠠᠰᠢᠨ ᠳᠠᠭᠠᠭᠠᠭᠰᠠᠨ ᠪᠠᠶᠢᠨ᠎ᠠ᠃ ᠡᠶᠢᠮᠦ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠣᠯᠳᠠᠯᠭ᠎ᠠ ᠪᠠᠷᠤᠭ ᠪᠦᠬᠦᠨ ᠢᠶᠠᠷ ᠢᠶᠠᠨ ᠲᠦᠷᠢᠶᠡᠰᠦᠨ ᠮᠠᠰᠢᠨ ᠤ ᠠᠵᠢᠯ ᠲᠥᠷᠥᠯ ᠳᠡᠭᠡᠷ᠎ᠡ ᠰᠢᠯᠵᠢᠭᠰᠡᠨ ᠪᠠᠶᠢᠨ᠎ᠠ᠃ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ ᠳᠣᠣᠷᠠᠬᠢ ᠠᠵᠢᠯ ᠤᠳ ᠢ ᠠᠳᠬᠤᠪᠠ᠄ | ᠨᠢᠭᠡ ᠳᠤ᠂ ᠠᠵᠤ ᠠᠬᠤᠶᠢᠯᠠᠯ ᠤᠳ ᠲᠤ ᠬᠡᠰᠡᠭ ᠺᠠᠳ᠋ᠷ ᠠᠵᠢᠯᠲᠠᠨ ᠲᠣᠮᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠤᠨ | ᠨᠠᠶᠢᠳᠠᠪᠤᠷᠢᠵᠢᠭᠤᠯᠪᠠ᠃ | ᠬᠤᠶᠠᠷ ᠲᠤ᠂ ᠠᠷᠢᠭᠤᠳᠬᠠᠬᠤ ᠠᠵᠢᠯ ᠢ ᠴᠢᠩᠭᠠᠳᠬᠠᠵᠤ᠂ ᠲᠡᠷᠭᠡᠨ ᠳᠤ ᠰᠠᠭᠤᠬᠤ ᠠᠶᠤᠯᠭᠦᠢ ᠣᠷᠴᠢᠨ ᠢ ᠬᠠᠩᠭᠠᠪᠠ᠃ | ᠭᠤᠷᠪᠠ ᠳᠤ᠂ ᠲᠡᠷᠭᠡᠨ ᠳᠤ ᠭᠠᠷᠴᠤ ᠪᠠᠭᠤᠭᠰᠠᠨ ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠠᠩᠬᠠᠨ ᠤ ᠲᠤᠭ᠎ᠠ ᠪᠠᠷᠢᠮᠲᠠ ᠬᠠᠩᠭᠠᠪᠠ᠃ | ᠳᠥᠷᠪᠡ ᠳᠤ᠂ ᠤᠬᠠᠭᠤᠯᠭ᠎ᠠ ᠰᠤᠷᠲᠠᠯᠴᠢᠯᠠᠭ᠎ᠠ ᠶᠢᠨ ᠬᠦᠴᠦᠨ ᠢᠶᠠᠨ ᠴᠢᠩᠭᠠᠳᠬᠠᠵᠤ᠂ ᠴᠢᠬᠤᠯᠠᠴᠢᠯᠠᠨ ᠦᠵᠡᠬᠦ ᠬᠡᠮᠵᠢᠶ᠎ᠡ ᠶᠢ ᠳᠡᠭᠡᠭᠰᠢᠯᠡᠭᠦᠯᠪᠡ᠃ | ᠲᠠᠪᠤ ᠳᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠬᠠᠷᠠᠭᠤᠯ ᠤᠨ ᠲᠤᠰᠢᠶᠠᠯ ᠢ | ᠡᠭᠦᠷᠭᠡᠯᠡᠪᠡ᠃ | ᠵᠢᠷᠭᠤᠭ᠎ᠠ᠂ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ︽ᠬᠠᠷ᠎ᠠ ᠲᠡᠷᠭᠡ︾ ᠪᠠᠷ ᠳᠠᠮᠵᠢᠭᠳᠠᠬᠤ ᠶᠢ ᠬᠤᠷᠢᠭᠯᠠᠪᠠ᠃ | 13. ᠬᠥᠲᠥᠯᠥᠭᠴᠢ | ᠨᠡᠶᠢᠲᠡ ᠶᠢᠨ ᠮᠠᠰᠢᠨ ᠢ ᠰᠡᠷᠭᠦᠭᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | 14. ᠰᠢᠤᠸᠠᠢ ᠵᠧᠩ ᠴᠢ | ᠬᠥᠬᠡᠬᠤᠲᠠ ᠣᠷᠣᠨ ᠤ ᠠᠶᠠᠨᠴᠢᠨ ᠤ ᠲᠡᠭᠡᠭᠡᠪᠦᠷᠢ᠂ ᠲᠦᠷᠢᠶᠡᠰᠦᠨ ᠮᠠᠰᠢᠨ ᠪᠣᠯᠣᠨ ᠨᠡᠶᠢᠲᠡ ᠶᠢᠨ ᠮᠠᠰᠢᠨ ᠤ ᠵᠠᠮ ᠱᠤᠭᠤᠮ ᠢ ᠵᠠᠯᠭᠠᠭ᠎ᠠ ᠪᠠᠷ | ᠰᠡᠷᠭᠦᠭᠡᠬᠦ ᠲᠤᠬᠠᠢ ᠨᠠᠷᠢᠯᠢᠭ ᠪᠠᠶᠢᠷᠢᠯᠠᠭᠤᠯᠤᠯᠲᠠ ᠬᠢᠪᠡ᠃ | ᠨᠢᠭᠡ ᠳᠤ᠂ 24 ᠤ ᠡᠳᠦᠷ ᠠᠴᠠ ᠡᠬᠢᠯᠡᠨ ᠬᠤᠲᠠ ᠶᠢᠨ ᠲᠣᠭᠤᠷᠢᠭ ᠤᠨ 3 ᠠᠶᠠᠨᠴᠢᠨ ᠤ ᠲᠡᠷᠭᠡᠨ ᠥᠷᠲᠡᠭᠡ ᠪᠠ ᠬᠤᠰᠢᠭᠤ ᠰᠢᠶᠠᠨ ᠤ ᠲᠡᠷᠭᠡᠨ | ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ ᠣᠶᠢᠷ᠎ᠠ ᠣᠷᠴᠢᠮ ᠤᠨ ᠬᠡᠰᠡᠭ ᠠᠶᠢᠮᠠᠭ ᠬᠤᠲᠠ ᠶᠢᠨ ᠬᠤᠭᠤᠷᠣᠨᠳᠤ᠂ ᠬᠤᠲᠠ ᠶᠢᠨ | ᠲᠣᠭᠤᠷᠢᠭ ᠪᠣᠯᠣᠨ ᠬᠤᠰᠢᠭᠤ ᠰᠢᠶᠠᠨ ᠤ ᠬᠤᠭᠤᠷᠣᠨᠳᠤ ᠶᠢᠨ ᠠᠶᠠᠨᠴᠢᠨ ᠤ ᠲᠡᠷᠭᠡ ᠶᠢᠨ ᠵᠠᠮ ᠱᠤᠭᠤᠮ ᠢ ᠪᠦᠬᠦᠨ ᠢ ᠨᠡᠭᠡᠭᠡᠪᠡ᠃ ᠲᠡᠷᠭᠡ ᠨᠡᠪᠲᠡᠷᠡᠭᠡ ᠦᠭᠡᠢ | ᠮᠤᠵᠢ ᠶᠢᠨ ᠬᠤᠭᠤᠷᠣᠨᠳᠤᠬᠢ ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠥᠬᠦᠴᠡᠯ ᠳᠤ ᠨᠡᠶᠢᠴᠡᠭᠰᠡᠨ ᠢ | ᠡᠷᠲᠡᠬᠡᠨ ᠨᠡᠭᠡᠭᠡᠬᠦ ᠪᠠᠷ ᠴᠢᠷᠮᠠᠶᠢᠵᠤ ᠪᠠᠶᠢᠨ᠎ᠠ᠂ ᠠᠶᠠᠨᠴᠢᠨ ᠣᠯᠠᠨ ᠲᠦᠮᠡᠨ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠠᠯᠪᠠᠨ ᠵᠢᠷᠭᠢᠭᠡ ᠶᠢ ᠠᠩᠬᠠᠷᠤᠨ ᠬᠠᠶᠢᠨ ᠦᠵᠡᠬᠦ ᠪᠤᠶᠤ ᠨᠡᠶᠢᠲᠡᠯᠡᠭᠰᠡᠨ ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠃ | ᠬᠤᠶᠠᠷ ᠲᠤ᠂ ᠲᠦᠷᠢᠶᠡᠰᠦᠨ ᠮᠠᠰᠢᠨ ᠤ ᠠᠵᠤ ᠠᠬᠤᠶᠢᠯᠠᠯ ᠤᠳ ᠢ ᠵᠢᠯᠣᠭᠤᠳᠤᠨ ᠲᠡᠭᠡᠭᠡᠪᠦᠷᠢ ᠶᠢᠨ ᠬᠦᠴᠦᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ᠨᠡᠶᠢᠲᠡ ᠶᠢᠨ ᠮᠠᠰᠢᠨ ᠤ ᠵᠠᠮ ᠱᠤᠭᠤᠮ ᠢ ᠠᠯᠬᠤᠮ ᠠᠯᠬᠤᠮ ᠢᠶᠠᠷ ᠰᠡᠷᠭᠦᠭᠡᠨ᠎ᠡ᠃ 24 ᠤ ᠡᠳᠦᠷ ᠠᠴᠠ ᠡᠬᠢᠯᠡᠨ ᠣᠳᠣ ᠪᠣᠯᠲᠠᠯ᠎ᠠ 30 | ᠵᠣᠷᠪᠣᠰ ᠭᠤᠣᠯ ᠵᠠᠮ ᠱᠤᠭᠤᠮ ᠤᠨ ᠨᠡᠶᠢᠲᠡ ᠶᠢᠨ ᠮᠠᠰᠢᠨ ᠢ ᠰᠡᠷᠭᠦᠭᠡᠵᠦ᠂ ᠬᠢᠩᠭᠠᠨ ᠵᠠᠮ᠂ ᠤᠯᠠᠭᠠᠨᠴᠠᠪ ᠵᠠᠮ᠂ ᠰᠢᠨᠬᠤᠸᠠ ᠶᠡᠭᠡ ᠵᠡᠭᠡᠯᠢ᠂ ᠴᠢᠩᠭᠢᠰ ᠬᠠᠭᠠᠨ | ᠶᠡᠭᠡ ᠵᠡᠭᠡᠯᠢ ᠵᠡᠷᠭᠡ 30 ᠭᠤᠣᠯ ᠵᠠᠮ ᠱᠤᠭᠤᠮ᠂ 800 ᠭᠠᠷᠤᠢ ᠥᠷᠲᠡᠭᠡ ᠶᠢ ᠪᠠᠭᠲᠠᠭᠠᠪᠠ᠃ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠬᠢᠯᠡᠬᠦ ᠴᠠᠭ ᠢ ᠦᠨᠳᠦᠰᠦᠯᠡᠨ 25 ᠰᠤᠷᠭᠠᠭᠤᠯᠢ ᠶᠢᠨ ᠲᠡᠷᠭᠡ ᠶᠢᠨ ᠵᠠᠮ ᠱᠤᠭᠤᠮ ᠶᠢ ᠰᠡᠷᠭᠦᠭᠡᠬᠦ ᠪᠣᠯᠣᠨ᠎ᠠ᠃ ᠡᠯ᠎ᠡ ᠬᠤᠰᠢᠭᠤ ᠰᠢᠶᠠᠨ ᠤ | ᠨᠡᠶᠢᠲᠡ ᠶᠢᠨ ᠮᠠᠰᠢᠨ ᠢ ᠰᠡᠷᠭᠦᠭᠡᠬᠦ ᠠᠵᠢᠯ ᠢ ᠶᠠᠭ ᠪᠡᠯᠡᠳᠬᠡᠵᠦ ᠪᠠᠶᠢᠨ᠎ᠠ᠃ | 15. ᠬᠥᠲᠥᠯᠥᠭᠴᠢ | ᠡᠳ᠋ ᠪᠣᠳᠠᠰ ᠤᠨ ᠬᠠᠩᠭᠠᠯᠭ᠎ᠠ ᠶᠢᠨ ᠲᠠᠯ᠎ᠠ ᠪᠠᠷ ᠬᠢ ᠠᠵᠢᠯ ᠠᠴᠠ ᠲᠠᠨᠢᠯᠴᠠᠭᠤᠯᠵᠤ ᠥᠭᠭᠦᠨ᠎ᠡ ᠦᠦ︖ | 16. ᠰᠢᠤᠸᠠᠢ ᠵᠧᠩ ᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠣᠳᠠᠰ᠂ ᠬᠥᠮᠥᠨ ᠢ ᠴᠠᠭ ᠲᠤᠬᠠᠢ ᠳᠤᠨᠢ | ᠬᠦᠷᠦᠯᠴᠡᠬᠦᠶᠢᠴᠡ ᠵᠥᠭᠡᠭᠡᠪᠦᠷᠢᠯᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠵᠥᠭᠡᠭᠡᠪᠦᠷᠢ ᠶᠢᠨ ᠱᠠᠭᠠᠷᠳᠠᠯᠭ᠎ᠠ ᠶᠢ | ᠬᠠᠩᠭᠠᠵᠤ᠂ ᠥᠷᠭᠡᠨ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠨᠡᠪᠲᠡᠷᠡᠬᠦ ᠭᠡᠷᠡᠴᠢ ᠲᠠᠷᠬᠠᠭᠠᠨ ᠬᠡᠷᠡᠭᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠬᠤ ᠵᠥᠭᠡᠭᠡᠪᠦᠷᠢ ᠶᠢᠨ ᠬᠦᠴᠦᠨ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠤᠨ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠪᠠ᠃ | | ︵1︶ ᠲᠡᠷᠭᠡ ᠬᠦᠡᠭᠡ ᠨᠡᠪᠲᠡᠷᠡᠬᠦ ᠭᠡᠷᠡᠴᠢ ᠣᠯᠭᠤᠬᠤ ᠲᠦᠷᠢᠮ ᠢ ᠬᠡᠷᠡᠭᠵᠢᠭᠦᠯᠪᠡ | ᠠᠮᠢᠳᠤᠷᠠᠯ ᠤᠨ ᠡᠳ᠋ ᠪᠣᠳᠠᠰ᠂ ᠡᠮ ᠲᠠᠩ᠂ ᠪᠡᠯᠡᠳᠬᠡᠮᠵᠢ ᠲᠣᠨᠤᠭ ᠲᠥᠬᠦᠭᠡᠷᠦᠮᠵᠢ ᠬᠦᠷᠭᠡᠬᠦ ᠲᠡᠷᠭᠡ ᠤᠨᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠲᠡᠭᠡᠭᠡᠪᠦᠷᠢ ᠶᠢᠨ ᠠᠵᠤ | ᠠᠬᠤᠶᠢᠯᠠᠯ ᠤᠳ ᠲᠤ ᠲᠡᠷᠭᠡ ᠬᠦᠰᠬᠡ ᠨᠡᠪᠲᠡᠷᠡᠬᠦ ᠭᠡᠷᠡᠴᠢ ᠣᠯᠭᠤᠪᠠ᠃ | ︵2︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ 4 ᠲᠡᠷᠭᠡᠨ ᠠᠩᠭᠢ ᠪᠠᠶᠢᠭᠤᠯᠪᠠ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠦᠷᠢᠶᠡᠰᠦᠨ ᠮᠠᠰᠢᠨ᠂ ᠠᠶᠠᠨᠴᠢᠨ ᠤ ᠲᠡᠭᠡᠭᠡᠪᠦᠷᠢ᠂ ᠡᠳ᠋ ᠪᠠᠷᠠᠭ᠎ᠠ ᠶᠢᠨ | ᠲᠡᠭᠡᠭᠡᠪᠦᠷᠢ ᠪᠠ ᠨᠡᠶᠢᠲᠡ ᠶᠢᠨ ᠮᠠᠰᠢᠨ ᠢᠶᠠᠷ ᠪᠦᠷᠢᠯᠳᠦᠭᠰᠡᠨ 843 ᠲᠡᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠥᠭᠡᠭᠡᠪᠦᠷᠢ ᠶᠢᠨ | ᠬᠦᠴᠦᠨ ᠢ ᠪᠠᠶᠢᠭᠤᠯᠪᠠ᠃ | 17. ᠬᠥᠲᠥᠯᠥᠭᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮ ᠤᠨ ᠭᠡᠰᠢᠭᠦᠨ ᠤ | ᠬᠤᠰᠢᠭᠤᠴᠢ ᠠᠩᠭᠢ ᠶᠢ ᠪᠠᠶᠢᠭᠤᠯᠵᠤ᠂ ᠶᠡᠭᠡ ᠬᠡᠮᠵᠢᠶᠡᠨ ᠤ ᠠᠵᠢᠯ ᠬᠢᠪᠡ᠂ ᠡᠭᠦᠨ ᠤ ᠲᠤᠬᠠᠢ ᠲᠠᠨᠢᠯᠴᠠᠭᠤᠯᠵᠤ ᠥᠭᠭᠦᠨ᠎ᠡ ᠦᠦ︖ | 18. ᠳ᠋ᠦᠩ ᠷᠦᠢ ᠺᠠᠩ | ᠴᠠᠭᠠᠨ ᠬᠤᠯᠤᠭᠠᠨ᠎ᠠ ᠵᠢᠯ ᠤᠨ ᠴᠠᠭᠠᠨ ᠰᠠᠷ᠎ᠠ ᠪᠣᠯᠬᠤ ᠳᠤ᠂ ᠬᠤᠪᠧᠢ ᠮᠤᠵᠢ ᠶᠢᠨ ᠦᠬᠠᠨ ᠵᠡᠷᠭᠡ ᠭᠠᠵᠠᠷ ᠣᠷᠣᠨ ᠨᠤᠭᠤᠳ ᠢᠶᠠᠷ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠠᠯᠭᠠᠭ᠎ᠠ ᠪᠠᠷ ᠳᠡᠯᠭᠡᠷᠡᠵᠦ᠂ ᠮᠠᠨ ᠤ ᠬᠤᠲᠠ ᠳᠤ ᠴᠦ ᠵᠠᠯᠭᠠᠭ᠎ᠠ ᠪᠠᠷ ᠢᠯᠡᠷᠡᠭᠰᠡᠨ ᠮᠥᠷᠲᠡᠭᠡᠨ ᠦᠷᠭᠦᠯᠵᠢᠯᠡᠨ | ᠳᠡᠯᠭᠡᠷᠡᠬᠦ ᠬᠠᠨᠳᠤᠰᠢ ᠭᠠᠷᠪᠠ᠃ ᠬᠢᠵᠢᠭ ᠤᠨ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠨᠢ ᠮᠠᠰᠢ | ᠪᠠᠴᠢᠮ ᠲᠤᠯᠭᠠᠮ᠎ᠠ ᠪᠤᠯᠤᠭᠰᠠᠨ ᠶᠤᠮ᠃ | ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ | ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠵᠢᠴᠢ ᠸᠠᠩ ᠯᠢ ᠰᠢᠶᠠ ᠨᠥᠬᠦᠷ ᠤᠨ ᠳᠤᠷᠠᠳᠤᠭᠰᠠᠨ ︽ᠵᠠᠰᠠᠮᠠᠯ ᠵᠠᠮ ᠤᠨ ᠪᠣᠭᠤᠮᠲᠠ ᠪᠣᠯ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠪᠣᠯᠣᠨ᠎ᠠ᠂ ᠰᠡᠷᠭᠡᠶᠢᠯᠡᠨ ᠡᠵᠡᠮᠳᠡᠬᠦ ᠳᠤ ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ ᠭᠡᠰᠡᠨ | ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠵᠠᠩᠭᠢᠯᠠᠭ᠎ᠠ ᠶᠢ ᠠᠩᠬᠠᠷᠤᠨ ᠭᠤᠣᠯᠳᠠᠯᠭ᠎ᠠ ᠶᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠨ ᠤᠷᠢᠳᠴᠢᠯᠠᠨ | ᠵᠢᠯᠣᠭᠤᠳᠴᠤ᠂ ᠲᠣᠪᠴᠢᠶ᠎ᠠ ᠶᠢᠨ ᠳᠣᠲᠣᠭᠠᠳᠤ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠨᠠᠭᠠᠴᠢᠯᠠᠭ᠎ᠠ ᠭᠠᠷᠭᠠᠨ᠂ ᠪᠦᠬᠦ ᠨᠠᠮ ᠤᠨ | ᠭᠡᠰᠢᠭᠦᠨ ᠺᠠᠳ᠋ᠷᠴᠤᠳ ᠪᠠ ᠠᠵᠢᠯᠴᠢᠨ ᠠᠵᠢᠯᠲᠠᠳ ᠢ ᠳᠠᠶᠢᠴᠢᠯᠠᠨ ᠨᠠᠮ ᠤᠨ ᠵᠣᠬᠢᠶᠠᠨ ᠪᠠᠶᠢᠭᠤᠯᠤᠯᠲᠠ ᠳᠣᠣᠷ᠎ᠠ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠰᠠᠶᠢᠨ ᠳᠤᠷᠠᠴᠤᠳ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠦᠴᠦᠨ ᠢ ᠵᠣᠬᠢᠶᠠᠨ ᠪᠠᠶᠢᠭᠤᠯᠵᠤ᠂ | ᠬᠢᠵᠢᠭ ᠤᠨ ᠪᠠᠶᠢᠳᠠᠯ ᠲᠠᠢ ᠲᠡᠮᠡᠴᠡᠬᠦ ᠡᠯ᠎ᠡ ᠠᠵᠢᠯ ᠤᠨ ᠪᠠᠶᠢᠷᠢ ᠶᠢᠨ ᠡᠮᠦᠨ᠎ᠡ ᠡᠩᠨᠡᠭᠡᠨ ᠳᠤ ᠭᠠᠪᠰᠢᠭᠠᠶᠢᠯᠠᠪᠠ᠃ | 19. ᠰᠢᠤᠸᠠᠢ ᠵᠧᠩ ᠴᠢ | ᠰᠦᠯᠵᠢᠶᠡᠨ ᠨᠠᠶᠢᠵᠠ ᠶᠢᠨ ᠳᠤᠷᠠᠳᠤᠭᠰᠠᠨ ᠲᠦᠷᠢᠶᠡᠰᠦᠨ ᠮᠠᠰᠢᠨ ᠢ ᠳᠠᠭᠠᠭᠠᠴᠢᠯᠠᠬᠤ ᠬᠥᠯᠥᠰᠦ ᠮᠥᠩᠭᠦ ᠶᠢᠨ ᠲᠤᠬᠠᠢ᠄ ᠬᠤᠲᠠ ᠶᠢᠨ ᠲᠣᠭᠤᠷᠢᠭ ᠤᠨ | ᠨᠡᠶᠢᠲᠡ ᠶᠢᠨ ᠮᠠᠰᠢᠨ ᠢ ᠨᠡᠶᠢᠲᠡ ᠠᠴᠠ ᠡᠵᠡᠩᠨᠡᠵᠦ ᠪᠠᠶᠢᠭ᠎ᠠ 13 ᠭᠠᠵᠠᠷ ᠤᠨ 2240 ᠲᠡᠷᠭᠡ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ | ᠮᠥᠩᠭᠦ 1104 ᠲᠦᠮᠡᠨ ᠲᠥᠭᠦᠷᠢᠭ ᠢ ᠬᠡᠯᠲᠦᠷᠢᠭᠦᠯᠪᠠ᠃ ᠦᠯᠡᠳᠡᠭᠰᠡᠨ 3960 ᠬᠤᠪᠢ ᠶᠢᠨ ᠮᠠᠰᠢᠨ ᠳᠤ᠂ ᠠᠩᠬ᠎ᠠ ᠠᠯᠬᠤᠮ ᠡᠵᠡᠮᠰᠢᠭᠰᠡᠨ ᠪᠠᠶᠢᠳᠠᠯ ᠢᠶᠠᠷ | 70% ᠶᠢᠨ ᠮᠠᠰᠢᠨ ᠤ ᠡᠵᠡᠨ ᠵᠢᠯᠣᠭᠤᠴᠢ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ ᠮᠥᠩᠭᠦ 997 ᠲᠦᠮᠡᠨ ᠲᠥᠭᠦᠷᠢᠭ ᠢ ᠬᠡᠯᠲᠦᠷᠢᠭᠦᠯᠵᠦ᠂ | 20% ᠶᠢᠨ ᠮᠠᠰᠢᠨ ᠤ ᠡᠵᠡᠨ ᠵᠢᠯᠣᠭᠤᠴᠢ ᠶᠢᠨ ᠳᠠᠭᠠᠭᠠᠴᠢᠯᠠᠯᠲᠠ ᠶᠢᠨ ᠮᠥᠩᠭᠦ ᠶᠢ ᠬᠠᠭᠠᠰ ᠢᠶᠠᠷ ᠬᠡᠯᠲᠦᠷᠢᠭᠦᠯᠵᠦ᠂ ᠨᠡᠶᠢᠲᠡ 142 ᠲᠦᠮᠡᠨ | ᠲᠥᠭᠦᠷᠢᠭ ᠬᠦᠷᠪᠡ᠃ | 20. ᠬᠠᠮᠢᠶᠠᠷᠤᠭᠴᠢ | ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠥᠬᠦᠳ ᠲᠤ ᠪᠠᠶᠠᠷᠯᠠᠯ᠎ᠠ᠂ ᠵᠠᠮ ᠬᠠᠷᠢᠯᠴᠠᠭᠠᠨ ᠤ ᠬᠦᠮᠦᠰ ᠤᠨ ᠬᠦᠴᠦ ᠪᠠᠨ | ᠡᠷᠭᠦᠭᠰᠡᠨ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠯ᠎ᠠ᠃ ᠡᠨᠡ ᠤᠳᠠᠭ᠎ᠠ ᠶᠢᠨ ᠰᠤᠷᠪᠤᠯᠵᠢᠯᠠᠭ᠎ᠠ | ᠠᠳᠡ ᠬᠦᠷᠦᠭᠡᠳ ᠦᠨᠳᠦᠷᠯᠡᠯ᠎ᠡ᠃ ᠰᠠᠯᠬᠢ ᠰᠥᠷᠦᠨ ᠤᠷᠤᠭᠰᠢᠯᠠᠭᠴᠢ ᠡᠮᠴᠢ ᠰᠤᠪᠢᠯᠠᠭᠴᠢ᠂ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ ᠹᠷᠣᠨᠲ ᠲᠤ | ᠭᠠᠪᠰᠢᠭᠠᠶᠢᠯᠠᠵᠤ ᠪᠠᠶᠢᠭ᠎ᠠ ᠨᠥᠬᠦᠳ᠂ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠨ ᠠᠵᠢᠯᠯᠠᠵᠤ ᠪᠠᠶᠢᠭ᠎ᠠ ᠨᠠᠮ ᠤᠨ ᠭᠡᠰᠢᠭᠦᠳ᠂ ᠰᠠᠶᠢᠨ ᠳᠤᠷᠠᠴᠤᠳ᠂ ᠡᠳ᠋ | ᠪᠣᠳᠠᠰ ᠬᠠᠨᠳᠢᠪᠯᠠᠭᠰᠠᠨ ᠨᠢᠩᠵᠢᠨ ᠰᠡᠳᠬᠢᠯᠲᠦ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠦᠨᠳᠦᠳᠭᠡᠯ ᠲᠡᠪᠰᠢᠭᠦᠯᠦᠶ᠎ᠡ︕ |