ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠲᠠᠯ᠎ᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ ᠲᠤᠷᠰᠢᠯᠲᠠ ᠶᠢᠨ ᠴᠡᠭ ᠤᠨ ᠶᠠᠷᠢᠯᠴᠠᠬᠤ ᠬᠤᠷᠠᠯ ᠴᠢᠩ ᠱᠦᠶ ᠾᠧ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2020-03-12
     ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠥᠬᠦ ᠲᠠᠯ᠎ᠠ  ᠪᠠᠷ ᠵᠢᠭᠰᠠᠭᠠᠨ ᠪᠠᠶᠢᠴᠠᠭᠠᠬᠤ ᠲᠤᠷᠰᠢᠯᠲᠠ ᠶᠢᠨ ᠴᠡᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ 3 ᠳ᠋ᠤᠭᠠᠷ ᠰᠠᠷ᠎ᠠ ᠶᠢᠨ 9 ᠤ ᠡᠳᠦᠷ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠥᠬᠦ ᠲᠠᠯ᠎ᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ ᠲᠤᠷᠰᠢᠯᠲᠠ ᠶᠢᠨ ᠴᠡᠭ ᠤᠨ ᠶᠠᠷᠢᠯᠴᠠᠬᠤ ᠬᠤᠷᠠᠯ ᠴᠢᠩ ᠱᠦᠶ ᠾᠧ ᠰᠢᠶᠠᠨ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ ᠵᠠᠩ ᠭᠦᠸᠧ᠂ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠴᠠᠢ ᠵᠠᠨ ᠭᠦᠸᠧ ᠪᠣᠯᠤᠨ ᠴᠢᠩ ᠱᠦᠶ ᠾᠧ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠬᠤᠷᠠᠯ ᠳᠤ ᠣᠷᠣᠯᠴᠠᠵᠠᠶ᠃      ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ ᠴᠠᠢ ᠵᠠᠨ ᠭᠦᠸᠧ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠮᠠᠨ ᠤ ᠰᠢᠶᠠᠨ ᠤ ᠶᠡᠭᠡ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ᠃ ᠴᠧᠩ ᠭᠤᠸᠠᠨ ᠪᠠᠯᠭᠠᠰᠤᠨ ᠤ ᠬᠠᠷᠢᠭᠤᠴᠠᠯᠭᠠᠲᠠᠨ ᠲᠤᠷᠰᠢᠯᠲᠠ  ᠶᠢᠨ ᠴᠡᠭ ᠤᠨ ᠠᠵᠢᠯ ᠤᠨ ᠲᠤᠬᠠᠶ ᠲᠠᠨᠢᠯᠴᠠᠭᠤᠯᠭ᠎ᠠ ᠬᠢᠵᠡᠶ᠃ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠬᠠᠮᠢᠶ᠎ᠠ ᠪᠥᠬᠦᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠵᠠᠩ ᠭᠦᠸᠧ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠭᠤᠴᠠᠯᠭᠠᠲᠠᠨ ᠠᠴᠠ ᠲᠣᠰ ᠤᠳᠠᠭᠠᠨ ᠤ ᠶᠡᠭᠡ ᠪᠠᠶᠢᠴᠠᠭᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠯᠲᠠ ᠳᠤ ᠬᠠᠷᠢᠭᠤᠯᠲᠠ ᠥᠭᠭᠦᠭᠰᠡᠨ ᠪᠥᠭᠡᠳ ᠡᠨᠡ ᠵᠢᠯ ᠤᠨ ᠲᠥᠷᠥᠯ ᠵᠦᠶᠯ᠂ ᠪᠠᠯᠠ ᠮᠥᠩᠭᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠠᠰᠠᠭᠤᠳᠠᠯ ᠤᠨ ᠲᠤᠬᠠᠶ ᠲᠣᠳᠣᠷᠬᠠᠶᠢᠯᠠᠪᠠ᠃      ᠴᠠᠢ ᠵᠠᠨ ᠭᠦᠸᠧ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠤᠯᠤᠭᠠᠨ ᠲᠠᠯ᠎ᠠ ᠪᠠᠷ ᠪᠣᠳᠠᠲᠠᠢ ᠪᠠᠶᠢᠷᠢᠯᠠᠭᠤᠯᠤᠯᠲᠠ ᠬᠢᠵᠡᠢ᠃ ᠨᠢᠭᠡ ᠳᠤ ᠡᠯ᠎ᠡ ᠬᠤᠰᠢᠭᠤ ᠰᠢᠶᠠᠨ ᠲᠣᠭᠤᠷᠢᠭ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠬᠤ ᠬᠡᠷᠡᠭᠲᠡᠶ ᠃ ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠶᠣᠰᠣᠭᠠᠷ ᠠᠵᠢᠯ ᠤᠨ ᠠᠬᠢᠴᠠ ᠶᠢ ᠰᠢᠮᠳᠠᠭᠤᠯᠬᠤ ᠬᠡᠷᠡᠭᠲᠡᠶ᠃ ᠭᠤᠷᠪᠠ ᠳᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠠᠴᠠ ᠵᠠᠶᠢᠯᠠᠬᠤ ᠦᠭᠡᠶ ᠪᠠᠶᠢᠵᠤ᠂ ᠲᠤᠬᠠᠶ ᠶᠢᠨ ᠭᠠᠵᠠᠷ ᠤᠨ ᠶᠠᠳᠠᠭᠤ ᠶᠢ ᠲᠡᠳᠬᠦᠬᠦ ᠠᠯᠪᠠᠨ ᠭᠡᠷ ᠢᠶᠠᠷ ᠳᠠᠮᠵᠢᠭᠤᠯᠤᠨ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠯᠠᠪᠯᠠᠨ ᠠᠰᠠᠭᠤᠬᠤ ᠬᠡᠷᠡᠭᠲᠡᠶ᠃ ᠳᠥᠷᠪᠡ ᠳᠤ ᠲᠣᠭᠲᠠᠭᠰᠠᠨ ᠴᠠᠭ ᠳᠣᠲᠣᠷ᠎ᠠ ᠴᠤᠪᠤᠷᠠᠯ ᠤᠨ ᠶᠣᠰᠣᠭᠠᠷ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠲᠠᠪᠤ ᠳᠤ᠂ ᠠᠵᠢᠯᠲᠠᠨ ᠢᠶᠠᠨ ᠰᠠᠶᠢᠲᠤᠷ ᠪᠠᠶᠢᠷᠢᠯᠠᠭᠤᠯᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠶᠠᠳᠠᠭᠤ ᠶᠢ ᠲᠡᠳᠬᠦᠬᠦ ᠬᠠᠪᠰᠤᠷᠤᠨ ᠲᠡᠳᠬᠦᠬᠦ ᠬᠥᠮᠦᠰ ᠢ ᠰᠠᠶᠢᠲᠤᠷ ᠳᠠᠶᠢᠴᠢᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠶ᠃ ᠵᠢᠷᠭᠤᠭ᠎ᠠ ᠳᠤ ᠬᠠᠮᠢᠶ᠎ᠠ ᠪᠦᠬᠦᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠯᠤᠭ᠎ᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ᠃      ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号