ᠮᠠᠨ ᠤ ᠬᠤᠲᠠ ᠢᠳᠡᠭᠡᠨ ᠤᠮᠳᠠᠭᠠᠨ ᠤ ᠦᠢᠯᠡᠴᠢᠯᠡᠭᠡ᠂ ᠮᠠᠯ ᠲᠠᠷᠢᠶᠠᠯᠠᠩ ᠤᠨ ᠡᠳ᠋ ᠪᠣᠳᠠᠰ ᠤᠨ ᠡᠵᠡᠩᠨᠡᠯᠲᠡ ᠶᠢᠨ ᠨᠢᠭᠡᠴᠡ ᠶᠢᠨ ᠲᠦᠷ ᠴᠠᠭ ᠤᠨ ᠲᠡᠮᠳᠡᠭᠯᠡᠨ ᠳᠠᠩᠰᠠᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠳᠦᠷᠢᠮ ᠢ ᠬᠦᠴᠦᠨ ᠦᠭᠡᠢ ᠪᠣᠯᠭᠠᠵᠤ᠂ ᠢᠳᠡᠭᠡᠨ ᠤᠮᠳᠠᠭᠠᠨ ᠤ ᠦᠢᠯᠡᠰ ᠤᠨ ᠬᠢ ᠠᠵᠢᠯ ᠢᠶᠠᠨ ᠰᠡᠷᠭᠦᠭᠡᠵᠦ ᠡᠵᠡᠩᠨᠡᠯᠲᠡ ᠪᠠᠨ ᠡᠬᠢᠯᠡᠭᠦᠯᠬᠦ ᠳᠤ ᠳᠠᠬᠢᠨ ᠰᠦᠯᠵᠢᠶᠡᠨ ᠳᠡᠭᠡᠷ᠎ᠡ ᠳᠠᠩᠰᠠᠯᠠᠭᠤᠯᠤᠨ ᠵᠥᠪᠰᠢᠶᠡᠷᠡᠭᠦᠯᠬᠦ ᠬᠡᠷᠡᠭ ᠦᠭᠡᠢ
ᠨᠡᠶᠢᠲᠡᠯᠡᠭᠰᠡᠨ ᠴᠠᠭ᠄
2020-03-12
      ︵ᠰᠤᠷᠪᠤᠯᠵᠢᠯᠠᠭᠴᠢ ᠯᠢᠦ ᠹᠠᠩ︶ ᠥᠴᠥᠭᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠭᠠᠭᠰᠠᠨ ᠢᠶᠠᠷ᠂ ᠠᠵᠢᠯ ᠢᠶᠠᠷ ᠰᠡᠷᠭᠦᠭᠡᠵᠦ ᠦᠢᠯᠡᠳᠪᠦᠷᠢᠯᠡᠯ ᠢᠶᠠᠷ ᠰᠡᠷᠭᠦᠭᠡᠬᠦ ᠶᠢ ᠲᠦᠷᠭᠡᠳᠬᠡᠬᠦ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠴᠢᠷᠮᠠᠶᠢᠵᠤ᠂ ᠪᠦᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ᠂ ᠮᠠᠯ ᠲᠠᠷᠢᠶᠠᠯᠠᠩ ᠤᠨ ᠡᠳ᠋ ᠪᠣᠳᠠᠰ ᠤᠨ ᠡᠵᠡᠩᠨᠡᠯᠲᠡ ᠶᠢᠨ ᠨᠢᠭᠡᠴᠡ ᠶᠢᠨ ᠲᠦᠷ ᠴᠠᠭ ᠤᠨ ᠲᠡᠮᠳᠡᠭᠯᠡᠨ ᠳᠠᠩᠰᠠᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠳᠦᠷᠢᠮ ᠢ ᠬᠦᠴᠦᠨ ᠦᠭᠡᠢ ᠪᠣᠯᠭᠠᠪᠠ᠃      ᠣᠶᠢᠯᠭᠠᠭᠰᠠᠨ ᠢᠶᠠᠷ᠂ ᠮᠠᠨ ᠤ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠨᠢᠭᠡᠴᠡ᠂ ᠮᠠᠯ ᠲᠠᠷᠢᠶᠠᠯᠠᠩ ᠤᠨ ᠡᠳ᠋ ᠪᠣᠳᠠᠰ ᠤᠨ ᠡᠵᠡᠩᠨᠡᠯᠲᠡ ᠶᠢᠨ ᠨᠢᠭᠡᠴᠡ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠮᠠᠨ ᠤ ᠬᠤᠲᠠ ︽ᠬᠥᠬᠡᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠬᠤᠭᠤᠯᠠᠨ ᠤ ᠭᠠᠵᠠᠷ ᠤᠨ ᠲᠦᠷ ᠴᠠᠭ ᠤᠨ ᠲᠡᠮᠳᠡᠭᠯᠡᠨ ᠳᠠᠩᠰᠠᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠲᠠᠪᠴᠠᠩ︾ ︽ᠬᠥᠬᠡᠬᠤᠲᠠ ᠶᠢᠨ ᠮᠠᠯ ᠲᠠᠷᠢᠶᠠᠯᠠᠩ ᠤᠨ ᠡᠳ᠋ ᠪᠣᠳᠠᠰ ᠢ ᠪᠣᠷᠣᠯᠠᠭᠤᠯᠬᠤ ᠨᠢᠭᠡᠴᠡ ᠶᠢᠨ ᠲᠦᠷ ᠴᠠᠭ ᠤᠨ ᠲᠡᠮᠳᠡᠭᠯᠡᠨ ᠳᠠᠩᠰᠠᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠲᠠᠪᠴᠠᠩ︾ ᠳᠡᠭᠡᠷ᠎ᠡ ᠮᠡᠳᠡᠭᠦᠯᠦᠨ ᠵᠥᠪᠰᠢᠶᠡᠷᠡᠭᠦᠯᠬᠦ ᠳᠦᠷᠢᠮ ᠢ ᠬᠡᠷᠡᠭᠵᠢᠭᠦᠯᠬᠦ ᠶᠢ ᠵᠣᠭᠰᠣᠭᠠᠪᠠ᠃ ᠪᠦᠬᠦ ᠬᠤᠲᠠ ᠶᠢᠨ ᠪᠦᠬᠦ ᠢᠳᠡᠭᠡᠨ ᠤᠮᠳᠠᠭᠠᠨ ᠤ ᠦᠢᠯᠡᠰ ᠤᠨ ᠬᠢ᠂ ᠮᠠᠯ ᠲᠠᠷᠢᠶᠠᠯᠠᠩ ᠤᠨ ᠡᠳ᠋ ᠪᠣᠳᠠᠰ ᠤᠨ ᠡᠵᠡᠩᠨᠡᠯᠲᠡ ᠶᠢᠨ ᠡᠷᠦᠬᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠡᠭᠡᠨ ᠳᠠᠬᠢᠨ ᠰᠦᠯᠵᠢᠶᠡᠨ ᠳᠡᠭᠡᠷ᠎ᠡ ᠳᠠᠩᠰᠠᠯᠠᠭᠤᠯᠤᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠳᠠᠮᠵᠢᠬᠤ ᠬᠡᠷᠡᠭ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠯᠠ ᠪᠣᠯ ᠡᠵᠡᠩᠨᠡᠯᠲᠡ ᠪᠠᠨ ᠰᠡᠷᠭᠦᠭᠡᠵᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号