ᠠᠷᠢᠭᠤᠳᠬᠠᠯ ᠤᠨ ᠰᠢᠩᠭᠡᠨ ᠢ ᠵᠥᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2020/3/12
     1. ᠡᠾᠧᠯᠤᠷ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠫᠢᠯᠡ ᠰᠠᠪᠠ ᠪᠠ ᠵᠢᠮᠢᠰ ᠵᠡᠷᠭᠡ ᠶᠢ ᠠᠷᠢᠭᠤᠳᠬᠠᠵᠦ ᠪᠤᠯᠤᠨ᠎ᠠ᠃      2. ᠡᠾᠧᠯᠤᠷ ᠤᠨ ᠲᠠᠪᠬᠤᠷ ᠢᠰᠦᠯ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠪᠤᠳᠠᠰ ᠤᠨ ᠭᠠᠳᠠᠷᠭᠤ ᠪᠠ ᠤᠰᠤ᠂ ᠠᠭᠠᠷ ᠵᠡᠷᠭᠡ ᠶᠢ ᠠᠷᠢᠭᠤᠳᠬᠠᠵᠦ ᠪᠤᠯᠤᠨ᠎ᠠ᠃ ᠡᠶᠢᠮᠦᠷᠬᠦ ᠠᠷᠢᠭᠤᠳᠬᠠᠯ ᠤᠨ ᠰᠢᠩᠭᠡᠨ ᠨᠢ ᠴᠠᠶᠢᠷᠠᠭᠤᠯᠬᠤ ᠦᠢᠯᠡᠳᠦᠯ ᠲᠠᠢ᠂ ᠲᠡᠭᠦᠨ ᠢᠶᠠᠷ ᠲᠡᠮᠦᠷᠯᠢᠭ ᠡᠳ᠋ ᠢ ᠠᠷᠢᠭᠤᠳᠬᠠᠵᠤ ᠪᠣᠯᠬᠤ ᠦᠭᠡᠢ᠂ ᠠᠷᠢᠭᠤᠳᠬᠠᠬᠤ ᠦᠶ᠎ᠠ ᠳᠡᠭᠡᠨ ᠡᠷᠬᠡᠪᠰᠢ ᠪᠡᠭᠡᠯᠡᠢ ᠵᠡᠬᠦᠬᠦ ᠬᠡᠷᠡᠭᠲᠡᠢ ᠪᠥᠭᠡᠳ ᠪᠤᠰᠤᠳ ᠠᠷᠢᠭᠤᠳᠬᠠᠯ ᠤᠨ ᠰᠢᠩᠭᠡᠨ ᠲᠠᠢ ᠬᠠᠮᠲᠦ ᠬᠡᠷᠡᠭᠯᠡᠵᠦ ᠪᠤᠯᠬᠤ ᠦᠭᠡᠢ᠃      3. ᠠᠯᠺᠦᠥᠯ ᠤᠨ ᠲᠦᠷᠦᠯ ᠤᠨ ᠠᠷᠢᠭᠤᠳᠬᠠᠯ ᠤᠨ ᠰᠢᠩᠭᠡᠨ ᠢᠶᠠᠷ ᠠᠷᠠᠰᠤ ᠮᠢᠬ᠎ᠠ ᠪᠠ ᠪᠤᠳᠠᠰ ᠤᠨ ᠭᠠᠳᠠᠷᠭᠤ ᠶᠢ ᠠᠷᠢᠭᠤᠳᠬᠠᠵᠦ ᠪᠤᠯᠤᠨ᠎ᠠ᠂ ᠠᠮᠠᠷᠬᠠᠨ ᠰᠢᠲᠠᠬᠤ ᠤᠴᠢᠷ ᠠᠴᠠ ᠠᠭᠠᠷ ᠪᠤᠶᠤ ᠲᠤᠰᠤᠨ ᠤ ᠵᠦᠢᠯ ᠳᠤ ᠠᠭᠤᠰᠬᠤ ᠪᠣᠳᠠᠰ ᠢ ᠠᠷᠢᠭᠤᠳᠬᠠᠵᠦ ᠪᠤᠯᠬᠤ ᠦᠭᠡᠢ᠃      4. ᠡᠩ ᠤᠨ ᠠᠷᠢᠭᠤᠳᠬᠠᠯ ᠤᠨ ᠰᠢᠩᠭᠡᠨ ᠢᠶᠠᠷ ᠤᠷᠴᠢᠨ ᠲᠤᠭᠤᠷᠢᠨ᠂ ᠪᠤᠳᠠᠰ ᠤᠨ ᠭᠠᠳᠠᠷᠭᠤ ᠵᠡᠷᠭᠡ ᠶᠢ ᠠᠷᠢᠭᠤᠳᠬᠠᠵᠦ ᠪᠤᠯᠬᠤ ᠮᠦᠷᠲᠡᠭᠡᠨ ᠭᠠᠷ  ᠢᠶᠠᠨ ᠴᠤ ᠠᠷᠢᠭᠤᠳᠬᠠᠵᠦ ᠪᠤᠯᠤᠨ᠎ᠠ᠃      5. ᠹᠡᠯᠤᠷ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠡᠩ ᠤᠨ ᠪᠤᠳᠠᠰ ᠤᠨ ᠭᠠᠳᠠᠷᠭᠤ ᠶᠢ ᠠᠷᠢᠭᠤᠳᠬᠠᠨ᠎ᠠ᠂ ᠭᠠᠷ᠂ ᠠᠷᠠᠰᠤᠨ ᠤ ᠰᠡᠯᠢᠰᠤᠳᠤ ᠪᠦᠷᠬᠦᠪᠴᠢ᠂ ᠠᠭᠠᠷ ᠵᠡᠷᠭᠡ ᠶᠢ ᠠᠷᠢᠭᠤᠳᠬᠠᠵᠦ ᠪᠤᠯᠬᠤ ᠦᠭᠡᠢ᠂ ᠠᠮᠠᠷᠬᠠᠨ ᠰᠢᠲᠠᠬᠤ ᠪᠤᠳᠠᠰ ᠪᠠ ᠭᠠᠯ ᠠᠴᠠ ᠵᠠᠶᠢᠳᠠᠭᠤ ᠪᠠᠶᠢᠯᠭᠠᠵᠤ᠂ ᠬᠦᠮᠦᠨ ᠤ ᠪᠠᠶ᠎ᠠ ᠲᠠᠢ ᠬᠦᠷᠦᠯᠴᠡᠬᠦ ᠶᠢ ᠰᠡᠷᠭᠡᠶᠢᠯᠡᠨ᠎ᠡ᠂ ᠠᠷᠢᠭᠤᠳᠬᠠᠬᠤ ᠳᠠᠭᠠᠨ ᠨᠢᠲᠦ ᠬᠠᠮᠠᠭᠠᠯᠠᠬᠤ ᠰᠢᠯ ᠪᠠ ᠪᠡᠭᠡᠯᠢ ᠵᠡᠷᠭᠡ ᠶᠢ ᠵᠡᠭᠦᠬᠦ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ