3 ᠳ᠋ᠤᠭᠠᠷ ᠰᠠᠷ᠎ᠠ ᠶᠢᠨ 6 ᠤ ᠡᠳᠦᠷ᠂ ᠣᠷᠣᠨ ᠤ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ | ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ 2020 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ | ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠲᠤᠭᠤᠷᠢᠭ ᠤᠨ ᠨᠠᠮ ᠤᠨ ᠬᠤᠷᠢᠶᠠᠨ ᠤ | ᠬᠦᠳᠡᠭᠡ ᠲᠤᠰᠬᠤᠨ ᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ | ᠣᠷᠣᠯᠴᠠᠪᠠ᠃ | ᠬᠤᠷᠠᠯ ᠠᠴᠠ 2 ᠳ᠋ᠤᠭᠠᠷ ᠰᠠᠷ᠎ᠠ ᠶᠢᠨ 14 ᠤ ᠡᠳᠦᠷ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠭᠤᠤᠯᠳᠠᠯᠭ᠎ᠠ ᠲᠠᠢ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠤᠨ ᠵᠣᠷᠢᠭ ᠰᠠᠨᠠᠭ᠎ᠠ ᠶᠢ ᠨᠢᠭᠡᠲᠦᠯᠲᠡᠢ ᠲᠥᠯᠥᠪᠯᠡᠨ | ᠪᠠᠶᠢᠷᠢᠯᠠᠭᠤᠯᠬᠤ ᠪᠠ ᠤᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ | ᠪᠥᠬᠦᠶ ᠠᠵᠢᠯ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠤᠯᠠᠮᠵᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ | ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠪᠣᠯᠤᠨ᠎ᠠ | ᠂ ᠡᠯ᠎ᠡ ᠪᠦᠷᠢᠯᠳᠦᠬᠦᠨ ᠨᠢᠭᠡᠴᠡ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠣᠨᠴᠠᠭᠠᠢ ᠴᠢᠬᠤᠯᠠ | ᠴᠢᠨᠠᠷ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠠᠵᠤ ᠠᠬᠤᠢ ᠬᠦᠳᠡᠭᠡ | ᠲᠤᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ | ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ᠂ ᠣᠷᠣᠨ ᠤ ᠨᠠᠮ ᠤᠨ ᠬᠤᠷᠢᠶᠠᠨ ᠤ ᠶᠡᠷᠦᠩᠬᠡᠢ ᠲᠤᠬᠢᠷᠠᠭᠤᠯᠤᠯᠳᠠ ᠳᠡᠭᠡᠷ᠎ᠡ ᠨᠢᠭᠡᠳᠬᠡᠵᠦ᠂ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠷᠣᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ | ᠬᠡᠷᠡᠭᠲᠡᠢ᠃ ᠨᠢᠭᠡ ᠳᠤ ︽ᠰᠢᠨ᠎ᠡ ᠬᠤᠲᠠ ᠲᠣᠭᠤᠷᠢᠭ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠬᠡᠷᠡᠭᠵᠢᠭᠦᠯᠬᠦ ᠲᠥᠰᠦᠯ ︵2020 ᠣᠨ ᠠᠴᠠ 2022 ᠣᠨ ᠪᠣᠯᠲᠠᠯ᠎ᠠ︶︾ ᠵᠡᠷᠭᠡ ︽5 ᠬᠥᠭᠵᠢᠭᠦᠯᠦᠨ | ᠮᠠᠨᠳᠤᠭᠤᠯᠬᠤ︾ ᠲᠥᠰᠦᠯ ᠪᠠ ︽ᠰᠢᠨ᠎ᠡ ᠬᠤᠲᠠ ᠲᠣᠭᠤᠷᠢᠭ ᠤᠨ 2020 ᠣᠨ ᠤ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠬᠤᠶᠠᠷ ᠲᠤ᠂ ᠳᠡᠭᠡᠳᠦ ᠱᠠᠲᠤᠨ ᠤ ᠱᠠᠭᠠᠷᠳᠠᠭᠰᠠᠨ | ᠬᠠᠷᠠᠯᠲᠠ ᠡᠭᠦᠷᠭᠡ ᠪᠠ ᠮᠠᠨ ᠤ ᠲᠤᠭᠤᠷᠢᠭ ᠤᠨ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯ | ᠠᠰᠠᠭᠤᠳᠠᠯ ᠲᠠᠢ ᠬᠠᠷᠢᠴᠠᠭᠤᠯᠤᠨ᠂ ︽ᠰᠢᠨ᠎ᠡ ᠬᠤᠲᠠ ᠲᠣᠭᠤᠷᠢᠭ ᠤᠨ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠲᠥᠯᠥᠪᠵᠢᠭᠦᠯᠭᠡ ︵2020 ᠣᠨ — 2025 ᠣᠨ | ︶︾ ᠶᠢ ᠨᠠᠶᠢᠷᠠᠭᠤᠯᠤᠨ ᠵᠣᠬᠢᠶᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠯ ᠤᠨ ᠭᠦᠢᠴᠡᠳᠭᠡᠯ | ᠲᠤᠭ᠎ᠠ ᠶᠢᠨ ᠡᠭᠦᠷᠭᠡ᠂ ᠬᠥᠳᠡᠭᠡ ᠲᠣᠰᠬᠤᠨ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠭᠤᠣᠯ ᠤᠨ ᠳᠠᠷᠤᠭ᠎ᠠ ᠶᠢᠨ ᠳᠦᠷᠢᠮ ᠪᠠ ᠭᠤᠤᠯᠳᠠᠯᠭ᠎ᠠ | ᠲᠠᠢ ᠠᠷᠠᠳ ᠤᠨ ᠠᠮᠢᠳᠤᠷᠠᠯ ᠤᠨ ᠤᠰᠤᠨ ᠠᠰᠢᠭᠯᠠᠯᠲᠠ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠪᠥᠲᠥᠭᠡᠨ ᠪᠠᠶᠢᠭᠤᠯᠤᠯᠲᠠ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠵᠡᠷᠭᠡᠪᠡᠷ ᠰᠠᠶᠢᠲᠤᠷ ᠬᠢᠨ᠎ᠠ ᠭᠡᠪᠡ᠃ | | | | | | | | | |