| | | ᠲᠦᠷᠦᠭᠦᠬᠡᠨ ᠳᠤ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠴᠢᠩᠭᠢᠰ ᠬᠠᠭᠠᠨ ᠶᠡᠭᠡ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠳᠠᠭᠠᠨ ᠰᠠᠭᠤᠷᠢᠯᠠᠵᠤ᠂ ᠣᠨᠣᠪᠴᠢᠲᠠᠢ | ᠦᠢᠯᠡᠴᠢᠯᠡᠭᠡ ᠪᠠᠷ ᠢᠶᠠᠨ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠬᠦᠴᠦᠳᠡᠢ ᠳᠡᠮᠵᠢᠪᠡ᠃ ᠢᠳᠡᠭᠡᠨ ᠤᠮᠳᠠᠭᠠᠨ ᠤ ᠦᠢᠯᠡᠴᠢᠯᠡᠭᠡ ᠶᠢᠨ ᠠᠵᠤ | ᠦᠢᠯᠡᠰ ᠬᠤᠭᠤᠯᠠᠨ ᠭᠡᠷ ᠲᠠᠬᠢ ᠦᠢᠯᠡᠴᠢᠯᠡᠭᠡ ᠵᠢᠯᠣᠭᠤᠳᠤᠯᠭ᠎ᠠ ᠪᠠᠨ ᠴᠢᠩᠭᠠᠳᠬᠠᠵᠤ᠂ ᠢᠳᠡᠭᠡᠨ ᠤᠮᠳᠠᠭᠠᠨ ᠤ | ᠦᠢᠯᠡᠰ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ | ᠰᠢᠮᠳᠠᠭᠤᠯᠪᠠ᠃ ᠡᠭᠦᠨ ᠤ ᠬᠠᠮᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠪᠠᠨ | ᠰᠡᠷᠭᠦᠭᠡᠭᠰᠡᠨ ᠤ ᠳᠠᠷᠠᠭᠠᠬᠢ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠬᠠᠢ ᠶᠢᠨ | ᠭᠠᠵᠠᠷ ᠢᠶᠠᠷ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠵᠢᠯᠣᠭᠤᠳᠤᠨ ᠵᠢᠷᠤᠮᠵᠢᠭᠤᠯᠬᠤ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠪᠠᠷ ᠡᠯ᠎ᠡ ᠵᠦᠢᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠠᠢ ᠠᠷᠢᠯᠭᠠᠪᠠ᠃ | ᠰᠤᠷᠪᠤᠯᠵᠢᠯᠠᠭᠴᠢ ᠴᠢ ᠰᠢᠶᠣᠣ ᠶᠠᠨ |