ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 3 ᠰᠠᠷ᠎ᠠ ᠶᠢᠨ 11 ᠤ ᠡᠳᠦᠷ ᠤᠨ | ᠮᠡᠳᠡᠭᠡ ︵ᠰᠤᠷᠪᠤᠯᠵᠢᠯᠠᠭᠴᠢ ᠯᠢᠥ ᠶᠠᠩ︶ ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠵᠣᠬᠢᠶᠠᠮᠠᠯ ᠣᠶᠤᠨ | ᠴᠢᠳᠠᠪᠤᠷᠢ ᠵᠢᠨᠲ᠋ᠠᠭᠠᠭᠤᠯᠤᠭᠴᠢ ᠠᠵᠤ ᠠᠬᠤᠶᠢᠯᠠᠯ ᠪᠣᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ | ᠶᠢᠨ ᠰᠢᠶᠦ᠋ᠨ ᠹᠸᠢ ᠬᠤᠪᠢ ᠣᠷᠣᠭᠤᠯᠣᠭᠰᠠᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠰᠠᠨ ᠤᠮᠠᠷᠠᠲᠤ | ᠬᠢᠯᠢ ᠶᠢᠨ ᠮᠣᠩᠭᠤᠯ ᠬᠡᠯᠡᠨ ᠤ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠶᠯᠡᠰ ᠤᠨ ᠰᠤᠳᠤᠯᠭᠠᠨ ᠤ | ᠬᠦᠷᠢᠶᠡᠯᠡᠩ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠶᠤᠲᠠᠳ ᠤᠨ ᠠᠳᠠᠯ ᠦᠶᠯᠡᠰ ᠴᠣᠭᠴᠠᠯᠠᠬᠤ | ᠬᠦᠷᠢᠶᠡᠯᠡᠩ ᠳᠤ ᠵᠢᠩᠬᠢᠨᠢ ᠪᠠᠷ ᠲᠠᠩᠰᠠᠯᠠᠭᠳᠠᠨ ᠪᠠᠶᠢᠭᠤᠯᠣᠭᠳᠠᠪᠠ᠃ | ᠨᠢᠳᠤᠨᠤᠨ ᠤ 9 ᠰᠠᠷ᠎ᠠ ᠳᠤ᠂ ᠬᠥᠬᠡᠬᠤᠲᠠ ᠶᠢᠨ ᠵᠠᠰᠠᠭ ᠤᠨ ᠣᠷᠳᠣᠨ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠦᠨᠶᠡᠭᠡ ᠰᠤᠷᠭᠠᠭᠤᠯᠢ ᠶᠢᠨ ᠰᠢᠶᠦ᠋ᠨ ᠹᠸᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾ ᠤ ᠬᠠᠮᠲᠤᠷᠠᠯᠴᠠᠭ᠎ᠠ | ᠰᠣᠯᠢᠯᠴᠠᠭᠠᠨ ᠤ ᠬᠤᠷᠠᠯ ᠲᠡᠭᠡᠷ᠎ᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠣᠬᠢᠶᠠᠮᠠᠯ ᠣᠶᠤᠨᠴᠢ ᠠᠵᠤ | ᠦᠶᠯᠡᠰ ᠤᠨ ᠰᠤᠳᠤᠯᠭᠠᠨ ᠤ ᠬᠦᠷᠢᠶᠡᠯᠡᠩ ᠢ ᠡᠭᠦᠰᠭᠡᠨ ᠪᠠᠶᠢᠭᠤᠯᠬᠤ ᠪᠠᠷ ᠪᠣᠯᠵᠠᠢ᠃ | ᠲᠣᠰ ᠰᠤᠳᠤᠯᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ | ᠰᠢᠶᠦ᠋ᠨ ᠹᠸᠢ ᠶᠢᠨ ᠳᠡᠯᠡᠬᠡᠶ ᠶᠢᠨ ᠲᠡᠷᠢᠭᠦᠨ ᠤ ᠪᠠᠶᠢᠷᠢᠨ ᠳᠤ ᠪᠠᠶᠢᠭ᠎ᠠ ᠵᠣᠬᠢᠶᠠᠮᠠᠯ ᠣᠶᠤᠨ ᠴᠢᠳᠠᠪᠤᠷᠢ ᠶᠢᠨ | ᠭᠤᠤᠯᠯᠠᠬᠤ ᠮᠡᠷᠬᠡᠵᠢᠯ ᠢ ᠭᠦᠶᠴᠡᠳ ᠪᠠᠳᠠᠷᠠᠭᠤᠯᠵᠤ᠂ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠵᠤ | ᠦᠶᠯᠡᠰ ᠤᠨ ᠠᠵᠤ ᠠᠬᠤᠶ ᠶᠢᠨ ᠬᠥᠭᠵᠢᠯᠲᠡᠶᠢᠨ ᠴᠢᠭᠯᠡᠯ ᠲᠠᠢ ᠤᠶᠠᠯᠳᠤᠭᠤᠯᠤᠨ᠂ ᠮᠣᠩᠭᠤᠯ ᠬᠡᠯᠡᠨ ᠤ ᠤᠶᠤᠨᠲᠤ | ᠴᠢᠳᠠᠪᠣᠷᠢ ᠶᠢᠨ ᠠᠪᠢᠶ᠎ᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠶᠢᠨ ᠲᠠᠯ᠎ᠠ ᠪᠠᠷ ᠬᠢ ᠮᠡᠷᠭᠡᠵᠢᠯ ᠤᠨ | ᠰᠤᠳᠤᠯᠭᠠᠨ ᠪᠠ ᠮᠡᠷᠭᠡᠵᠢᠯ ᠤᠨ ᠦᠶᠯᠡᠳᠬᠦᠨ ᠤ ᠬᠡᠷᠡᠭᠯᠡᠭᠡᠨ ᠢ ᠠᠰᠢᠭᠯᠠᠬᠤ᠂ ᠵᠥᠪᠯᠡᠯᠭᠡ ᠥᠭᠬᠦ᠂ ᠰᠣᠯᠢᠯᠴᠠᠬᠤ ᠪᠠ | ᠦᠷ᠎ᠡ ᠪᠦᠲᠦᠭᠡᠯ ᠤᠨ ᠦᠶᠯᠡᠴᠢᠯᠡᠭᠡ ᠪᠠᠷ ᠳᠠᠮᠵᠢᠭᠤᠯᠤᠨ ᠬᠠᠮᠢᠶ᠎ᠠ ᠪᠥᠬᠦᠶ ᠠᠵᠤ ᠦᠶᠯᠡᠰ ᠤᠨ ᠬᠥᠭᠵᠢᠯᠲᠡ ᠶᠢ | ᠳᠠᠶᠢᠴᠢᠯᠠᠬᠤ ᠪᠣᠯᠤᠨ᠎ᠠ᠃ ᠡᠭᠦᠨ ᠤ ᠬᠠᠮᠲᠤ᠂ ᠮᠣᠩᠭᠤᠯ ᠬᠡᠯᠡᠨ ᠤ ᠠᠪᠢᠶᠠᠨ ᠤ ᠤᠶᠤᠨᠲᠤ ᠴᠢᠳᠠᠪᠣᠷᠢ ᠢᠶᠠᠷ | ᠣᠨᠴᠠᠯᠢᠭ ᠪᠣᠯᠭᠠᠵᠤ᠂ ᠰᠢᠨ᠎ᠡ ᠶᠢ ᠡᠬᠦᠳᠬᠦ ᠬᠡᠯᠪᠡᠷᠢ ᠶᠢᠨ ᠳᠡᠭᠡᠳᠦ ᠮᠡᠷᠭᠡᠵᠢᠯ ᠤᠨ ᠠᠵᠤ ᠠᠬᠤᠶᠢᠯᠠᠯ ᠢ | ᠣᠷᠣᠭᠤᠯᠤᠨ ᠨᠡᠪᠴᠢᠬᠦᠯᠬᠦ ᠪᠠᠷ ᠲᠠᠮᠵᠢᠭᠤᠯᠣᠨ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠬᠢᠭᠡᠳ | ᠦᠪᠡᠷᠳᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠠᠵᠤ ᠦᠶᠯᠡᠰ ᠤᠨ ᠬᠡᠷᠡᠭᠯᠡᠭᠡᠨ ᠤ ᠭᠦᠨᠵᠡᠭᠡᠶ | ᠠᠭᠤᠰᠤᠯᠴᠠᠯ ᠪᠠ ᠲᠠᠰ ᠳᠡᠪᠰᠢᠭᠦᠯᠦᠨ ᠥᠭᠡᠷᠡᠴᠢᠯᠡᠬᠦ ᠳᠤ ᠢᠳᠡᠪᠬᠢᠲᠡᠶ ᠣᠷᠣᠯᠴᠠᠵᠣ᠂ ᠵᠠᠰᠠᠭ ᠤᠨ ᠶᠠᠪᠤᠳᠠᠯ᠂ | ᠰᠤᠷᠭᠠᠨ ᠬᠥᠮᠦᠵᠢᠯ᠂ ᠡᠮᠴᠢᠯᠡᠭᠡ᠂ ᠤᠯᠤᠰ ᠲᠥᠷᠥ ᠬᠠᠤᠯᠢ ᠴᠠᠭᠠᠵᠠ᠂ ᠬᠤᠲᠠ ᠶᠢᠨ ᠣᠯᠠᠨ ᠨᠡᠶᠢᠲᠡ ᠶᠢᠨ | ᠦᠶᠯᠡᠴᠢᠯᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠠᠨᠳᠤᠭᠤᠯᠤᠨ ᠬᠡᠷᠡᠭᠯᠡᠭᠡᠨ ᠤ ᠵᠢᠱᠢᠶ᠎ᠡ ᠦᠵᠡᠭᠦᠯᠬᠦ᠂ | ᠵᠠᠭᠪᠤᠷ ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ ᠨᠡᠪᠴᠢᠭᠦᠯᠦᠯᠲᠡ ᠶᠢ ᠥᠷᠨᠢᠭᠦᠯᠵᠦ᠂ ᠦᠷ᠎ᠡ ᠪᠦᠲᠦᠭᠡᠯ ᠢ | ᠭᠠᠳᠠᠭᠰᠢ ᠭᠠᠷᠭᠠᠬᠤ ᠪᠠ ᠮᠡᠳᠡᠯᠭᠡ ᠶᠢᠨ ᠥᠮᠴᠢᠯᠡᠬᠦ ᠡᠷᠬᠡ ᠶᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ | ᠪᠣᠯᠣᠨ᠎ᠠ᠃ |