ᠮᠣᠩᠭᠤᠯ ᠬᠡᠯᠡᠨ ᠤ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠶᠯᠡᠰ ᠤᠨ ᠰᠤᠳᠤᠯᠭᠠᠨ ᠤ ᠬᠦᠷᠢᠶᠡᠯᠡᠩ  ᠬᠦᠬᠡᠬᠤᠳᠠ ᠳᠤ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2020/3/13
        ᠠᠷᠠᠳ ᠤᠨ ᠡᠳᠦᠷ ᠤᠨ ᠰᠣᠨᠢᠨ   ᠤ  ᠬᠥᠬᠡᠬᠤᠲᠠ   ᠶᠢᠨ 3 ᠰᠠᠷ᠎ᠠ ᠶᠢᠨ 11 ᠤ ᠡᠳᠦᠷ   ᠤᠨ  ᠮᠡᠳᠡᠭᠡ ︵ᠰᠤᠷᠪᠤᠯᠵᠢᠯᠠᠭᠴᠢ ᠯᠢᠥ ᠶᠠᠩ︶ ᠣᠶᠢᠷ᠎ᠠ ᠳᠤ᠂ ᠤᠯᠤᠰ   ᠤᠨ ᠳᠣᠲᠣᠭᠠᠳᠤ ᠶᠢᠨ ᠵᠣᠬᠢᠶᠠᠮᠠᠯ ᠣᠶᠤᠨ ᠴᠢᠳᠠᠪᠤᠷᠢ ᠵᠢᠨ‌‍ᠲ᠋ᠠᠭᠠᠭᠤᠯᠤᠭᠴᠢ ᠠᠵᠤ ᠠᠬᠤᠶᠢᠯᠠᠯ ᠪᠣᠯᠬᠤ ᠰᠢᠨᠵᠢᠯᠡᠬᠦ ᠤᠬᠠᠭᠠᠨ ᠮᠡᠷᠭᠡᠵᠢᠯ  ᠤᠨ ᠶᠡᠭᠡ ᠰᠤᠷᠭᠠᠭᠤᠯᠢ ᠶᠢᠨ ᠰᠢᠶᠦ᠋ᠨ ᠹᠸᠢ ᠬᠤᠪᠢ ᠣᠷᠣᠭᠤᠯᠣᠭᠰᠠᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠰᠠᠨ ᠤᠮᠠᠷᠠᠲᠤ ᠬᠢᠯᠢ ᠶᠢᠨ ᠮᠣᠩᠭᠤᠯ ᠬᠡᠯᠡᠨ ᠤ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠶᠯᠡᠰ ᠤᠨ ᠰᠤᠳᠤᠯᠭᠠᠨ ᠤ ᠬᠦᠷᠢᠶᠡᠯᠡᠩ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠶᠤᠲᠠᠳ  ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠳᠤ ᠵᠢᠩᠬᠢᠨᠢ ᠪᠠᠷ ᠲᠠᠩᠰᠠᠯᠠᠭᠳᠠᠨ ᠪᠠᠶᠢᠭᠤᠯᠣᠭᠳᠠᠪᠠ᠃              ᠨᠢᠳᠤᠨᠤᠨ ᠤ 9 ᠰᠠᠷ᠎ᠠ ᠳᠤ᠂ ᠬᠥᠬᠡᠬᠤᠲᠠ ᠶᠢᠨ ᠵᠠᠰᠠᠭ ᠤᠨ ᠣᠷᠳᠣᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ  ‍ᠦᠨ‌‍ᠶᠡᠭᠡ ᠰᠤᠷᠭᠠᠭᠤᠯᠢ ᠶᠢᠨ ᠰᠢᠶᠦ᠋ᠨ ᠹᠸᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠲᠡᠭᠡᠷ᠎ᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠣᠬᠢᠶᠠᠮᠠᠯ ᠣᠶᠤᠨᠴᠢ ᠠᠵᠤ ᠦᠶᠯᠡᠰ ᠤᠨ ᠰᠤᠳᠤᠯᠭᠠᠨ ᠤ ᠬᠦᠷᠢᠶᠡᠯᠡᠩ ᠢ ᠡᠭᠦᠰᠭᠡᠨ  ᠪᠠᠶᠢᠭᠤᠯᠬᠤ ᠪᠠᠷ ᠪᠣᠯᠵᠠᠢ᠃              ᠲᠣᠰ ᠰᠤᠳᠤᠯᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠶᠦ᠋ᠨ ᠹᠸᠢ ᠶᠢᠨ ᠳᠡᠯᠡᠬᠡᠶ ᠶᠢᠨ ᠲᠡᠷᠢᠭᠦᠨ ᠤ ᠪᠠᠶᠢᠷᠢᠨ ᠳᠤ ᠪᠠᠶᠢᠭ᠎ᠠ ᠵᠣᠬᠢᠶᠠᠮᠠᠯ ᠣᠶᠤᠨ ᠴᠢᠳᠠᠪᠤᠷᠢ ᠶᠢᠨ ᠭᠤᠤᠯᠯᠠᠬᠤ ᠮᠡᠷᠬᠡᠵᠢᠯ ᠢ ᠭᠦᠶᠴᠡᠳ ᠪᠠᠳᠠᠷᠠᠭᠤᠯᠵᠤ᠂ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠵᠤ ᠦᠶᠯᠡᠰ ᠤᠨ ᠠᠵᠤ ᠠᠬᠤᠶ ᠶᠢᠨ ᠬᠥᠭᠵᠢᠯᠲᠡ‌‍ᠶᠢᠨ ᠴᠢᠭᠯᠡᠯ ᠲᠠᠢ ᠤᠶᠠᠯᠳᠤᠭᠤᠯᠤᠨ᠂ ᠮᠣᠩᠭᠤᠯ ᠬᠡᠯᠡᠨ ᠤ ᠤᠶᠤᠨᠲᠤ ᠴᠢᠳᠠᠪᠣᠷᠢ ᠶᠢᠨ ᠠᠪᠢᠶ᠎ᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠶᠢᠨ ᠲᠠᠯ᠎ᠠ ᠪᠠᠷ ᠬᠢ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠶᠯᠡᠳᠬᠦᠨ ᠤ ᠬᠡᠷᠡᠭᠯᠡᠭᠡᠨ ᠢ ᠠᠰᠢᠭᠯᠠᠬᠤ᠂ ᠵᠥᠪᠯᠡᠯᠭᠡ ᠥᠭᠬᠦ᠂ ᠰᠣᠯᠢᠯᠴᠠᠬᠤ ᠪᠠ ᠦᠷ᠎ᠡ ᠪᠦᠲᠦᠭᠡᠯ ᠤᠨ ᠦᠶᠯᠡᠴᠢᠯᠡᠭᠡ ᠪᠠᠷ ᠳᠠᠮᠵᠢᠭᠤᠯᠤᠨ ᠬᠠᠮᠢᠶ᠎ᠠ ᠪᠥᠬᠦᠶ ᠠᠵᠤ ᠦᠶᠯᠡᠰ ᠤᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ ᠡᠭᠦᠨ ᠤ ᠬᠠᠮᠲᠤ᠂ ᠮᠣᠩᠭᠤᠯ ᠬᠡᠯᠡᠨ ᠤ ᠠᠪᠢᠶᠠᠨ ᠤ ᠤᠶᠤᠨᠲᠤ ᠴᠢᠳᠠᠪᠣᠷᠢ ᠢᠶᠠᠷ ᠣᠨᠴᠠᠯᠢᠭ ᠪᠣᠯᠭᠠᠵᠤ᠂ ᠰᠢᠨ᠎ᠡ  ᠶᠢ ᠡᠬᠦᠳᠬᠦ ᠬᠡᠯᠪᠡᠷᠢ ᠶᠢᠨ ᠳᠡᠭᠡᠳᠦ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠨᠡᠪᠴᠢᠬᠦᠯᠬᠦ ᠪᠠᠷ ᠲᠠᠮᠵᠢᠭᠤᠯᠣᠨ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠬᠢᠭᠡᠳ ᠦᠪᠡᠷᠳᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠠᠵᠤ ᠦᠶᠯᠡᠰ ᠤᠨ ᠬᠡᠷᠡᠭᠯᠡᠭᠡᠨ ᠤ ᠭᠦᠨᠵᠡᠭᠡᠶ ᠠᠭᠤᠰᠤᠯᠴᠠᠯ ᠪᠠ ᠲᠠᠰ ᠳᠡᠪᠰᠢᠭᠦᠯᠦᠨ ᠥᠭᠡᠷᠡᠴᠢᠯᠡᠬᠦ ᠳᠤ ᠢᠳᠡᠪᠬᠢᠲᠡᠶ ᠣᠷᠣᠯᠴᠠᠵᠣ᠂ ᠵᠠᠰᠠᠭ ᠤᠨ ᠶᠠᠪᠤᠳᠠᠯ᠂ ᠰᠤᠷᠭᠠᠨ ᠬᠥᠮᠦᠵᠢᠯ᠂ ᠡᠮᠴᠢᠯᠡᠭᠡ᠂ ᠤᠯᠤᠰ  ᠲᠥᠷᠥ ᠬᠠᠤᠯᠢ ᠴᠠᠭᠠᠵᠠ ᠂ ᠬᠤᠲᠠ ᠶᠢᠨ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠠᠨᠳᠤᠭᠤᠯᠤᠨ ᠬᠡᠷᠡᠭᠯᠡᠭᠡᠨ ᠤ ᠵᠢᠱᠢᠶ᠎ᠡ ᠦᠵᠡᠭᠦᠯᠬᠦ᠂ ᠵᠠᠭᠪᠤᠷ  ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ ᠨᠡᠪᠴᠢᠭᠦᠯᠦᠯᠲᠡ ᠶᠢ ᠥᠷᠨᠢᠭᠦᠯᠵᠦ᠂ ᠦᠷ᠎ᠡ ᠪᠦᠲᠦᠭᠡᠯ ᠢ ᠭᠠᠳᠠᠭᠰᠢ ᠭᠠᠷᠭᠠᠬᠤ ᠪᠠ ᠮᠡᠳᠡᠯᠭᠡ ᠶᠢᠨ ᠥᠮᠴᠢᠯᠡᠬᠦ ᠡᠷᠬᠡ ᠶᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ ᠪᠣᠯᠣᠨ᠎ᠠ᠃
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ