ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠬᠦ ᠶᠢᠨ ᠲᠤᠰᠠᠳᠠ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ | ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠢᠳᠡᠪᠬᠢᠲᠡᠢ ᠪᠠᠷ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ | ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠠᠷᠬᠢᠷᠠᠭ ᠤᠨ | ᠬᠠᠮᠠᠭᠠᠯᠠᠯᠲᠠ ᠶᠢᠨ ᠲᠣᠤᠷ ᠢ ᠪᠠᠬᠢᠵᠢᠭᠦᠯᠦᠨ᠎ᠡ᠃ ᠪᠣᠳᠠᠲᠠᠶ ᠠᠷᠭ᠎ᠠ ᠬᠡᠮᠵᠢᠶ᠎ᠡ ᠨᠢ ᠳᠣᠤᠷᠠᠬᠢ ᠮᠡᠲᠦ᠄ | ᠨᠢᠭᠡ ᠳᠤ ᠠᠵᠢᠯᠲᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠠᠵᠢᠯᠯᠠᠬᠤ ᠬᠤᠭᠤᠴᠠᠭᠠᠨ ᠳᠤ᠂ | ᠬᠠᠮᠢᠶᠠᠷᠤᠭᠴᠢ ᠠᠮᠠᠪᠴᠢ ᠵᠡᠭᠦᠵᠦ᠂ ᠴᠥᠭᠡᠨ ᠴᠤᠭᠯᠠᠷᠠᠵᠤ᠂ ᠭᠠᠷ ᠢᠶᠠᠨ ᠦᠷᠭᠦᠯᠵᠢ ᠤᠬᠢᠶᠠᠵᠤ᠂ ᠥᠪᠡᠷ ᠤᠨ ᠠᠮᠤᠷ | ᠲᠦᠪᠰᠢᠨ ᠢᠶᠠᠨ ᠪᠠᠲᠤᠯᠠᠭᠰᠠᠨ ᠤᠷᠢᠲᠠᠯ ᠳᠣᠤᠷ᠎ᠠ ᠡᠯ᠎ᠡ ᠵᠤᠶᠢᠯ ᠤᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ | ᠬᠤᠶᠠᠷ ᠲᠤ ᠲᠥᠷᠥᠯ ᠬᠤᠪᠢᠶᠠᠭᠰᠠᠨ ᠲᠤᠨᠤᠭ ᠲᠥᠬᠦᠭᠡᠷᠦᠮᠵᠢ ᠶᠢ ᠠᠷᠢᠭᠤᠳᠬᠠᠬᠤ᠂ ᠠᠷᠢᠯᠭᠠᠬᠤ ᠠᠵᠢᠯ ᠢ | ᠴᠢᠩᠭᠠᠳᠬᠠᠨ᠎ᠠ᠃ ᠡᠳᠦᠷ ᠪᠦᠷᠢ ᠬᠠᠮᠢᠶᠠᠷᠤᠭᠴᠢ ᠠᠴᠠ ᠲᠥᠷᠥᠯ ᠬᠤᠪᠢᠶᠠᠭᠰᠠᠨ ᠬᠤᠭ ᠨᠣᠪᠰᠢ ᠶᠢᠨ ᠲᠦᠩᠰᠡ ᠵᠢᠴᠢ | ᠢᠯᠭᠠᠬᠤ ᠲᠥᠪ ᠲᠠᠯᠠᠪᠠᠢ ᠥᠷᠲᠡᠭᠡ ᠶᠢᠨ ᠡᠯ᠎ᠡ ᠣᠷᠣᠨ ᠪᠦᠰᠡ ᠳᠤ ᠪᠦᠬᠦ ᠲᠠᠯ᠎ᠠ ᠪᠠᠷ ᠠᠷᠢᠭᠤᠳᠬᠠᠯ ᠬᠢᠵᠦ᠂ | ᠪᠦᠬᠦᠨ ᠢ ᠪᠢᠲᠡᠭᠦᠮᠵᠢᠯᠡᠨ ᠴᠡᠪᠡᠷᠯᠡᠨ ᠲᠡᠭᠡᠭᠡᠪᠦᠷᠢᠯᠡᠬᠦ ᠶᠢ ᠦᠨᠡᠨᠬᠦ ᠪᠠᠲᠤᠯᠠᠵᠤ᠂ ᠡᠪᠡᠳᠴᠢᠨ ᠤ ᠪᠠᠺᠲ᠋ᠧᠷᠢ | ᠬᠠᠯᠳᠠᠪᠤᠷᠢᠯᠠᠬᠤ ᠠᠴᠠ ᠵᠠᠶᠢᠯᠠᠰᠬᠢᠬᠤ ᠬᠡᠷᠡᠭᠲᠡᠢ᠃ | ᠭᠤᠷᠪᠠ ᠳᠤ ᠬᠢᠵᠢᠭ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ | ᠬᠠᠮᠢᠶᠠᠷᠤᠭᠴᠢ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠺᠣᠮᠫᠠᠨᠢ ᠶᠢ ᠬᠠᠪᠰᠤᠷᠴᠤ᠂ ᠵᠢᠵᠢᠭ ᠲᠣᠭᠤᠷᠢᠭ ᠤᠨ | ᠰᠠᠭᠤᠭᠠᠯᠢ ᠠᠷᠠᠳ ᠤᠨ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠭᠠᠳᠠᠭᠰᠢ ᠳᠤᠲᠠᠭᠤ ᠭᠠᠷᠬᠤ᠂ | ᠴᠤᠬᠯᠠᠷᠠᠬᠤ ᠦᠭᠡᠢ ᠪᠠᠶᠢᠬᠤ ᠶᠢ ᠢᠳᠡᠪᠬᠢᠲᠡᠶ ᠪᠠᠷ ᠢᠳᠬᠠᠨ ᠵᠢᠯᠣᠭᠤᠳᠴᠤ᠂ ᠰᠠᠭᠤᠭᠠᠯᠢ ᠠᠷᠠᠳ ᠤᠨ ᠬᠢᠵᠢᠭ ᠤᠨ | ᠪᠠᠶᠢᠳᠠᠯ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ | ᠤᠳᠤᠬᠠᠨ ᠳᠤ᠂ ᠰᠢᠨ᠎ᠡ ᠬᠤᠲᠠ ᠲᠤᠭᠤᠷᠢᠭ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠤᠭ | ᠨᠤᠪᠰᠢ ᠶᠢ ᠲᠦᠷᠦᠯ ᠬᠤᠪᠢᠶᠠᠬᠤ ᠠᠯᠪᠠᠨ ᠭᠡᠷ ᠲᠤᠷᠰᠢᠯᠲᠠ ᠶᠢᠨ ᠴᠡᠭ ᠤᠨ ᠵᠢᠵᠢᠭ ᠲᠤᠭᠤᠷᠢᠭ ᠤᠨ ᠡᠳᠦᠷ | ᠳᠤᠲᠤᠮ ᠤᠨ ᠬᠤᠭ ᠨᠤᠪᠰᠢ ᠳᠤ ᠨᠢᠭᠡᠨᠲᠡ ᠴᠢᠩᠭ᠎ᠠ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ | ᠲᠤᠰᠬᠠᠶ ᠠᠩᠭᠢ ᠶᠢᠨ ᠨᠠᠷᠢᠯᠢᠬᠵᠢᠭᠤᠯᠤᠭᠰᠠᠨ ᠲᠥᠷᠥᠯ ᠬᠤᠪᠢᠶᠠᠵᠤ᠂ ᠬᠤᠷᠢᠶᠠᠨ ᠲᠡᠭᠡᠭᠡᠪᠦᠷᠢᠯᠡᠬᠦ ᠪᠠ | ᠰᠢᠢᠳᠪᠦᠷᠢᠯᠡᠬᠦ ᠶᠢ ᠬᠡᠷᠡᠭᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠨᠢ ᠡᠳᠦᠷ ᠤᠨ | ᠭᠠᠷᠤᠯᠲᠠ ᠡᠳᠦᠷ ᠴᠡᠪᠡᠷᠯᠡᠬᠦ ᠶᠢ ᠪᠡᠶᠡᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠴᠡᠪᠡᠷ ᠲᠡᠭᠰᠢ ᠣᠷᠣᠨ | ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠦᠴᠦᠨ ᠨᠡᠮᠡᠷᠢᠯᠡᠪᠡ᠃ | | | | | | | | | | | | | | | | | | |