ᠨᠢᠭᠡᠳᠦᠮᠡᠯ ᠬᠤᠯᠪᠣᠭ᠎ᠠ ᠶᠢᠨ ᠬᠢᠨ ᠶᠠᠳᠠᠭᠤ ᠬᠦᠴᠢᠷᠳᠡᠯᠲᠡᠢ ᠬᠡᠦᠬᠡᠳ ᠤᠳ ᠲᠤ ᠣᠶᠣᠨᠲᠣ ᠭᠠᠷ ᠤᠲᠠᠰᠤ ᠪᠡᠯᠡᠭᠯᠡᠵᠦ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢ ᠳᠡᠮᠵᠢᠪᠡ
ᠨᠡᠶᠢᠲᠡᠯᠡᠭᠰᠡᠨ ᠴᠠᠭ᠄
2020-03-16
     ᠲᠦᠷᠦᠭᠦᠬᠡᠨ᠂ ᠦᠴᠦᠸᠠᠨ ᠰᠢᠶᠠᠨ ᠤ ᠨᠢᠭᠡᠳᠦᠮᠡᠯ ᠬᠤᠯᠪᠣᠭ᠎ᠠ ᠶᠢᠨ ᠬᠢᠨ ᠦᠴᠦᠸᠠᠨ ᠰᠢᠶᠠᠨ ᠳᠤ ᠪᠠᠰᠠ 8 ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ ᠣᠶᠤᠨᠲᠤ ᠭᠠᠷ ᠤᠲᠠᠰᠤ ᠦᠭᠡᠢ ᠠᠴᠠ ᠪᠣᠯᠵᠤ ᠰᠦᠯᠵᠢᠶᠡᠨ ᠳᠡᠭᠡᠷ᠎ᠡ ᠰᠤᠷᠤᠯᠴᠠᠵᠤ ᠳᠡᠶᠢᠯᠬᠦ ᠦᠭᠡᠢ ᠪᠠᠶᠢᠭ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠥᠬᠡᠬᠤᠲᠠ ᠶᠢᠨ ᠺᠣᠮᠫᠠᠨᠢ ᠳᠤ ᠵᠣᠬᠢᠴᠠᠭᠤᠯᠤᠨ ᠭᠤᠶᠤᠴᠢᠯᠠᠵᠤ᠂ ᠬᠤᠶᠠᠷ ᠡᠳᠦᠷ ᠤᠨ ᠳᠣᠲᠣᠷ᠎ᠠ ᠨᠠᠢᠮᠠᠨ OPPO ᠣᠶᠣᠨᠲᠦ ᠭᠠᠷ ᠤᠲᠠᠰᠤ ᠴᠤᠭᠯᠠᠭᠤᠯᠤᠭᠰᠠᠨ ᠤ ᠬᠠᠮᠲᠤ᠂ ᠤᠲᠠᠰᠤᠨ ᠤ ᠵᠠᠷᠤᠳᠠᠯ ᠤᠨ ᠮᠦᠩᠭᠦ  ᠬᠦᠷᠭᠡᠪᠡ᠃ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠥᠵᠢᠯ ᠤᠨ ᠵᠥᠪᠯᠡᠯ ᠠᠴᠠ ᠰᠤᠷᠭᠠᠭᠤᠯᠢ ᠪᠠᠷ ᠳᠠᠮᠵᠢᠨ ᠭᠠᠷ ᠤᠲᠠᠰᠤ ᠶᠢ ᠬᠡᠦᠬᠡᠳ ᠤᠳ ᠤᠨ ᠭᠠᠷ ᠲᠤ ᠬᠦᠷᠭᠡᠬᠦ ᠳᠤ᠂ ᠭᠠᠷ ᠤᠲᠠᠰᠤ ᠣᠯᠣᠭᠰᠠᠨ ᠬᠡᠦᠬᠡᠳ ᠤᠨ ᠨᠢᠭᠤᠷ ᠲᠤ ᠵᠢᠷᠭᠠᠯ ᠤᠨ ᠮᠦᠰᠢᠶᠡᠳᠦ ᠲᠣᠳᠣᠷᠠᠵᠤ ᠪᠠᠶᠢᠯ᠎ᠠ᠃ ᠨᠢᠭᠡᠳᠦᠮᠡᠯ ᠬᠤᠯᠪᠣᠭ᠎ᠠ ᠶᠢᠨ ᠬᠢᠨ ᠡᠳᠡᠭᠡᠷ ᠬᠡᠦᠬᠡᠳ ᠤᠳ ᠢ ᠴᠢᠷᠮᠠᠶᠢᠨ ᠰᠤᠷᠤᠯᠴᠠᠵᠤ᠂ ᠬᠤᠵᠢᠮ ᠤᠨ ᠡᠳᠦᠷ ᠰᠢᠯᠢᠳᠡᠭ ᠬᠢᠷᠢ ᠪᠦᠲᠦᠮᠵᠢ ᠪᠠᠷ ᠨᠡᠶᠢᠭᠡᠮ ᠨᠡᠶᠢᠲᠡ ᠳᠤ ᠠᠴᠢ ᠬᠠᠷᠢᠭᠤᠯᠬᠤ ᠶᠢ ᠬᠦᠰᠡᠨ ᠨᠠᠶᠢᠳᠠᠵᠠᠢ᠃ᠴᠢᠮᠡᠭᠡᠯᠡᠭᠴᠢ ᠭᠤᠣ ᠴᠢᠶᠥᠥ ᠶᠦᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号