ᠶᠦᠨ ᠬᠠᠢ ᠰᠢᠶᠠᠨ ᠤ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ‍ᠤᠨ‌ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-17
     3 ᠳ᠋ᠤᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠤᠷᠢᠳ ᠬᠤᠵᠢᠳ ᠶᠠᠨ ᠬᠥ᠋ ᠹᠠᠩ᠂ ᠮᠧᠩ ᠭᠧ ᠯᠠᠶ ᠢᠳᠡᠭᠡᠨ ᠤ ᠵᠦᠢᠯ᠂ ᠰᠧ ᠪᠠᠶ ᠬᠦᠷᠢᠶᠡᠯᠡᠩ ᠲᠣᠭᠤᠷᠢᠭ᠂ ᠮᠧᠩ ᠴᠢ ᠡᠮ ᠤᠨ ᠦᠢᠯᠡᠰ᠂ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃      ᠨᠢᠭᠡ ᠭᠠᠵᠠᠷ ᠬᠦᠷᠬᠦ ᠪᠦᠷᠢ᠂ ᠶᠦᠨ ᠬᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠬᠢᠴᠠ ᠶᠢ ᠨᠠᠷᠢᠨ ᠣᠶᠢᠯᠠᠭᠠᠵᠤ᠂ ᠠᠵᠢᠯᠲᠠᠨ ᠤ ᠡᠬᠡ ᠳᠠᠩᠰᠠ ᠵᠢᠴᠢ ᠣᠷᠣᠵᠤ ᠭᠠᠷᠬᠤ ᠳᠠᠩᠰᠠᠯᠠᠯ ᠪᠠ ᠪᠡᠶ᠎ᠡ ᠶᠢᠨ ᠳᠤᠯᠠᠭᠠᠨ ᠤ ᠲᠡᠮᠳᠡᠭᠯᠡᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠶᠠᠮᠠᠷ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠬᠤ ᠶᠢ ᠯᠠᠪᠯᠠᠨ ᠠᠰᠠᠭᠤᠵᠤ᠂ ᠠᠵᠤ ᠠᠬᠤᠶᠢᠯᠠᠯ ᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠰᠠᠶᠢᠲᠤᠷ ᠠᠳᠬᠤᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠦᠷᠬᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ ᠶᠦᠨ ᠬᠠᠢ ᠵᠢᠭᠠᠵᠤ ᠭᠠᠷᠭᠠᠭᠰᠠᠨ ᠨᠢ᠂ ᠠᠯᠲᠠᠨ ᠭᠤᠷᠪᠠᠯᠵᠢᠨ ᠬᠤᠶᠢᠭ ᠤᠨ ᠬᠦᠷᠢᠶᠡᠯᠡᠩ ᠲᠣᠭᠤᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠡᠷ ᠲᠤᠨᠢ ᠬᠦᠷᠴᠤ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠬᠠᠷᠢᠯᠴᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠪᠠᠰᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠶᠢᠨ ᠭᠸᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠫᠧᠩ ᠱᠣᠤ ᠴᠥᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠲᠤ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠵᠢᠶᠧ ᠭᠤᠸᠠᠩ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠯᠲᠠᠨ ᠭᠤᠷᠪᠠᠯᠵᠢᠨ ᠬᠤᠶᠢᠭ ᠤᠨ ᠬᠦᠷᠢᠶᠡᠯᠡᠩ ᠲᠣᠭᠤᠷᠢᠭ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号