︽ᠲᠦᠪᠯᠡᠷᠡᠬᠦᠯᠵᠦ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2020-03-17
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠲᠦᠷᠦᠬᠦᠬᠡᠨ ᠬᠦᠬᠡᠬᠤᠳᠠ 2020 ᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢ ᠡᠬᠢᠯᠡᠬᠦᠯᠬᠦ ︽ᠲᠦᠪᠯᠡᠷᠡᠬᠦᠯᠵᠦ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ 3 ᠰᠠᠷ᠎ᠠ  ᠶᠢᠨ 9 ᠤ ᠡᠳᠦᠷ ᠪᠣᠯᠲᠠᠯ᠎ᠠ ᠨᠢᠬᠡᠨᠳᠡ 40 ᠴᠢᠬᠤᠯᠠ ᠶᠡᠭᠡ ᠲᠦᠷᠦᠯ ᠵᠦᠢᠯ ᠬᠦᠬᠡᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠶᠢᠨ ᠪᠠᠷᠢᠯᠭ᠎ᠠ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠬᠠᠮᠢᠶᠠᠷᠤᠯᠳᠠ ᠶᠢᠨ ᠲᠠᠪᠴᠠᠩ ᠳᠡᠭᠡᠷ᠎ᠡ ᠬᠢᠨᠠᠨ ᠵᠦᠪᠰᠢᠶᠡᠷᠡᠬᠦ ᠬᠠᠮᠢᠶ᠎ᠠ ᠪᠦᠬᠦᠢ ᠭᠠᠷᠳᠠᠮ ᠢ ᠬᠦᠢᠴᠡᠳᠭᠡᠭᠰᠡᠨ ᠪᠠᠶᠢᠨ᠎ᠠ᠃ ᠪᠠᠰᠠ ᠰᠦᠯᠵᠢᠶᠡᠨ ᠳᠡᠭᠡᠷ᠎ᠡ ᠭᠠᠷᠳᠠᠮ ᠬᠦᠢᠴᠡᠳᠬᠡᠬᠦ ᠪᠠ ᠪᠤᠳᠠᠳᠠᠢ ᠬᠦᠷᠴᠤ ᠭᠠᠷᠳᠠᠮ ᠬᠦᠢᠴᠡᠳᠬᠡᠬᠦ ᠶᠢ ᠤᠶᠠᠯᠳᠤᠭᠤᠯᠵᠦ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠭᠠᠷᠳᠠᠮ ᠢᠶᠠᠨ ᠬᠦᠢᠴᠡᠳᠬᠡᠬᠦ ᠶᠠᠪᠤᠴᠠ ᠳᠤ ᠤᠷᠤᠰᠢᠵᠦ ᠪᠠᠶᠢᠭ᠎ᠠ ᠠᠰᠠᠭᠤᠳᠠᠯ ᠢ ᠲᠦᠪᠯᠡᠷᠡᠬᠦᠯᠦᠨ ᠰᠢᠢᠳᠪᠦᠷᠢᠯᠡᠵᠦ᠂ ᠨᠢᠬᠡ ᠨᠢᠬᠡ ᠲᠦᠷᠦᠯ ᠵᠦᠢᠯ ᠢᠶᠠᠷ ᠨᠠᠶᠢᠳᠠᠪᠤᠷᠢᠵᠢᠭᠤᠯᠤᠨ ᠠᠬᠢᠭᠤᠯᠵᠦ᠂ ᠬᠤᠭᠤᠴᠠᠭ᠎ᠠ ᠲᠤᠭᠳᠠᠭᠠᠵᠦ ᠲᠦᠪᠯᠡᠷᠡᠬᠦᠯᠦᠨ ᠬᠦᠢᠴᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠭᠠᠷᠳᠠᠮ ᠭᠦᠢᠴᠡᠳᠬᠡᠬᠦ ᠳᠥᠭᠦᠮ ᠦᠵᠡᠭᠦᠯᠬᠦ ᠵᠡᠷᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠦᠭᠡᠮᠡᠯᠵᠢᠭᠦᠯᠦᠨ ᠬᠡᠷᠡᠭᠵᠢᠭᠦᠯᠵᠦ᠂ ᠪᠦᠲᠦᠬᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠦᠪᠰᠢᠶᠡᠷᠡᠬᠦ ᠭᠠᠷᠳᠠᠮ ᠢ ᠬᠦᠢᠴᠡᠳᠬᠡᠬᠦ ᠠᠬᠢᠴᠠ ᠶᠢ ᠲᠦᠷᠬᠡᠳᠬᠡᠨ ᠠᠬᠢᠭᠤᠯᠵᠦ᠂ ᠡᠷᠳᠡ ᠡᠳᠦᠷ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号