ᠰᠢᠨ᠎ᠡ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠢ ᠠᠷᠭᠠᠴᠠᠭᠠᠨ᠎ᠠ
ᠨᠡᠶᠢᠲᠡᠯᠡᠭᠰᠡᠨ ᠴᠠᠭ᠄
2020-03-18
     ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠶ ᠪᠠᠶᠢᠳᠠᠯ ᠢᠳᠡᠪᠬᠢᠲᠡᠶ ᠪᠠᠷ ᠰᠠᠶᠢᠵᠢᠷᠠᠬᠤ ᠬᠠᠨᠳᠤᠰᠢ ᠢᠯᠡᠷᠡᠭᠰᠡᠨ ᠪᠣᠯᠪᠠᠴᠤ ᠳᠡᠯᠡᠬᠡᠶ ᠶᠢᠨ ᠬᠡᠯᠪᠡᠷᠢ ᠡᠳᠦᠷ ᠢᠷᠡᠬᠦᠶ᠎ᠡ ᠬᠦᠨᠳᠦ ᠬᠡᠴᠡᠭᠦᠤ ᠪᠣᠯᠵᠤ ᠪᠠᠶᠢᠭ᠎ᠠ ᠭᠠᠳᠠᠭᠠᠳᠤ ᠠᠴᠠ ᠪᠤᠴᠠᠵᠤ ᠢᠷᠡᠭᠰᠡᠨ ᠣᠯᠠᠨ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠰᠢᠨ᠎ᠡ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ︽ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠪᠡᠶᠡᠯᠡᠭᠦᠯᠬᠦ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠥᠬᠡᠬᠤᠲᠠ ᠳᠤ ᠪᠤᠴᠠᠭᠰᠠᠨ ᠬᠥᠮᠥᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠰᠠᠭᠤᠭᠠᠯᠢ ᠲᠣᠭᠤᠷᠢᠭ ᠤᠨ ᠬᠢᠵᠢᠭ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠠᠰᠠᠷ ᠤᠨ ᠳᠠᠷᠤᠭ᠎ᠠ᠂ ᠣᠷᠤᠴᠠ ᠶᠢᠨ ᠳᠠᠷᠤᠭ᠎ᠠ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠵᠤ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠬᠠᠮᠢᠶᠠᠷᠤᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠬᠢᠵᠢᠭ ᠥᠬᠡᠶ ᠵᠢᠵᠢᠭ ᠲᠣᠭᠤᠷᠢᠭ᠂ ᠬᠢᠵᠢᠭ ᠥᠬᠡᠶ ᠠᠰᠠᠷ᠂ ᠬᠢᠵᠢᠭ ᠥᠬᠡᠶ ᠣᠷᠤᠴᠠ︾ ᠶᠢ ᠪᠠᠶᠢᠭᠤᠯᠤᠨ᠎ᠠ᠃ ᠡᠳᠦᠷ ᠪᠦᠷᠢ ᠵᠢᠵᠢᠭ ᠲᠤᠭᠤᠷᠢᠭ ᠢ ᠪᠥᠬᠦ ᠲᠠᠯ᠎ᠠ ᠪᠠᠷ ᠠᠷᠢᠭᠤᠳᠬᠠᠵᠤ ᠪᠠᠺᠲ᠋ᠧᠷᠢ ᠠᠯᠠᠵᠤ᠂ ᠠᠮᠢᠳᠤᠷᠠᠯ ᠤᠨ ᠬᠤᠭ ᠨᠣᠪᠰᠢ ᠶᠢ ᠲᠣᠭᠲᠠᠭᠰᠠᠨ ᠴᠠᠭ ᠲᠤ  ᠬᠠᠶᠠᠵᠤ ᠡᠷᠡᠭᠦᠯ ᠬᠠᠮᠠᠭᠠᠯᠠᠯ ᠤᠨ ᠲᠠᠯ᠎ᠠ ᠳᠤ ᠬᠤᠭᠤᠰᠣᠨ ᠭᠠᠵᠠᠷ ᠦᠯᠡᠳᠡᠭᠡᠬᠦ ᠦᠭᠡᠢ᠂ ᠬᠥᠮᠦᠰ ᠤᠨ ᠣᠷᠣᠵᠤ ᠭᠠᠷᠬᠤ ᠲᠦᠷᠢᠮ ᠢ ᠴᠢᠩᠳᠠᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠰᠠᠶᠢᠲᠤᠷ ᠰᠠᠬᠢᠬᠤ ᠶᠢᠨ ᠬᠠᠮᠲᠤ᠂ ᠪᠠᠶᠢᠭᠤᠯᠭ᠎ᠠ ᠶᠢᠨ ᠡᠯ᠎ᠡ ᠵᠤᠶᠢᠯ ᠤᠨ ᠠᠵᠢᠯ ᠤᠨ ᠬᠡᠪ ᠤᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠤᠨ᠎ᠠ᠃ ᠪᠦᠬᠦ ᠵᠢᠯ ᠤᠨ ᠡᠯ᠎ᠡ ᠵᠣᠶᠢᠯ ᠤᠨ ᠠᠵᠢᠯ ᠤᠨ ᠭᠦᠢᠴᠡᠳᠭᠡᠬᠦ ᠲᠤᠭ᠎ᠠ ᠶᠢ ᠰᠠᠶᠢᠲᠤᠷ ᠨᠠᠶᠢᠲᠠᠪᠤᠷᠢᠵᠢᠭᠤᠯᠵᠤ᠂ ᠡᠯ᠎ᠡ ᠵᠣᠶᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠷᠭᠡᠨ ᠣᠯᠠᠨ ᠵᠡᠮᠳᠡᠭᠴᠦᠳ ᠤᠨ ᠣᠯᠠᠨ ᠲᠦᠮᠡᠨ ᠤ ᠬᠠᠯᠠᠮᠵᠢᠯᠠᠵᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠥᠷᠭᠡᠨ ᠣᠯᠠᠨ ᠵᠡᠮᠳᠡᠭᠴᠦᠳ ᠨᠠᠶᠢᠵᠠ ᠨᠥᠬᠦᠳ ᠵᠢᠴᠢ ᠲᠥᠷᠥᠯ ᠰᠠᠳᠤᠨ ᠨᠠᠶᠢᠵᠠ ᠨᠦᠭᠦᠳ ᠲᠤ ᠤᠨᠴᠠᠭᠠᠢ ᠴᠠᠭ ᠦᠶ᠎ᠡ ᠶᠢᠨ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ  ᠮᠡᠳᠡᠷᠡᠭᠦᠯᠦᠨ᠎ᠡ᠃
     ᠰᠢᠨ᠎ᠡ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠬᠡᠶᠢᠯᠡᠵᠦ᠂ ᠠᠯᠪᠠᠨ ᠠᠵᠢᠯ ᠢ ᠰᠡᠷᠭᠦᠭᠡᠨ ᠠᠷᠠᠳ ᠤᠨ ᠠᠮᠢᠳᠤᠷᠠᠯ ᠢ ᠪᠠᠲᠤᠯᠠᠵᠤ᠂ ᠠᠯᠪᠠᠨ ᠠᠵᠢᠯ ᠪᠠ ᠬᠢᠵᠢᠭ ᠰᠡᠷᠭᠡᠶᠢᠯᠡᠬᠦ ᠠᠵᠢᠯ ᠢ ᠬᠤᠶᠠᠷ ᠲᠠᠯ᠎ᠠ ᠪᠠᠷ ᠠᠳᠬᠤᠵᠤ᠂ ᠵᠡᠷᠭᠡᠪᠡᠷ ᠪᠡᠶᠡᠯᠡᠭᠦᠯᠦᠨ᠎ᠡ᠃ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠢᠳᠡᠪᠬᠢᠲᠡᠶ ᠪᠠᠷ ᠰᠠᠶᠢᠵᠢᠷᠠᠬᠤ ᠳᠤ ᠬᠦᠴᠦᠨ ᠨᠡᠮᠡᠷᠢᠯᠡᠵᠦ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号