| | | | | | | | | | | | | 3 ᠳ᠋ᠤᠭᠠᠷ ᠰᠠᠷ᠎ᠠ ᠶᠢᠨ 18 ᠤ ᠡᠳᠦᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠮᠢᠨ ᠨᠡᠷ ᠮᠠᠨ ᠤ ᠰᠢᠶᠠᠨ ᠳᠤ ᠬᠦᠷᠴᠦ ᠬᠢᠵᠢᠭ ᠤᠨ ᠪᠠᠶᠢᠳᠠᠯ | ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠩ ᠾᠧ ᠪᠠᠯᠭᠠᠰᠤᠨ ᠤ ᠵᠢᠤᠢ ᠪᠦ᠋ᠦ ᠵᠤᠸᠠᠩ | ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠡᠭ ᠪᠣᠯᠤᠨ ᠲᠠᠷᠢᠮᠠᠯ ᠤᠨ ᠰᠠᠭᠤᠷᠢᠨ ᠭᠠᠵᠠᠷ᠂ | ᠴᠧᠩ ᠭᠤᠸᠠᠨ ᠪᠠᠯᠭᠠᠰᠤᠨ ᠤ ᠺᠦᠨ ᠰᠢᠨ ᠨᠡᠶᠢᠭᠡᠮ ᠲᠣᠭᠤᠷᠢᠭ ᠤᠨ ᠢ ᠮᠢᠨ ᠬᠤᠷᠢᠶᠠᠯᠠᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠡᠭ ᠪᠣᠯᠤᠨ ᠴᠧᠩ ᠭᠤᠸᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠥᠮᠦᠰ ᠢ | ᠲᠣᠬᠤᠨᠢᠭᠤᠯᠪᠠ᠃ ᠡᠭᠦᠨ ᠤ ᠳᠠᠷᠠᠭ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠪᠠᠶᠢᠴᠠᠭᠠᠨ ᠰᠤᠳᠤᠯᠬᠤ | ᠳᠤᠭᠤᠶᠢᠯᠠᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ | ᠮᠠᠨ ᠤ ᠰᠢᠶᠠᠨ ᠳᠤ ᠪᠠᠶᠢᠭ᠎ᠠ ᠬᠤᠲᠠ᠂ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠬᠢᠭᠰᠡᠨ ᠠᠵᠢᠯ ᠢ | ᠭᠦᠢᠴᠡᠳ ᠨᠤᠲᠠᠯᠠᠭᠰᠠᠨ ᠤ ᠬᠠᠮᠲᠤ ᠬᠤᠶᠢᠰᠢᠳᠠ ᠶᠢᠨ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠶ᠂ | ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ | ᠰᠡᠷᠭᠦᠭᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠢᠯᠠᠩᠭᠤᠶ᠎ᠠ ᠲᠠᠷᠢᠶᠠᠯᠠᠬᠤ ᠴᠠᠭ ᠢ ᠰᠠᠭᠠᠲᠠᠭᠠᠬᠤ | ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠶ︔ ᠬᠤᠶᠠᠷ ᠲᠤ | ᠡᠰᠢ ᠰᠦᠷᠡᠯ ᠰᠢᠲᠠᠭᠠᠬᠤ ᠪᠠ ᠣᠶ ᠰᠢᠭᠤᠶ ᠶᠢᠨ ᠭᠠᠯ ᠢ ᠰᠡᠷᠭᠡᠶᠢᠯᠡᠬᠦ ᠶᠢ ᠴᠢᠩᠭ᠎ᠠ ᠬᠢᠵᠠᠭᠠᠷᠯᠠᠨ᠎ᠠ︔ ᠭᠤᠷᠪᠠ ᠳᠤ | ᠨᠡᠶᠢᠭᠡᠮ ᠲᠣᠭᠤᠷᠢᠭ᠂ ᠲᠣᠰᠬᠤᠨ ᠤ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ | ᠨᠢᠭᠡ ᠬᠤᠲᠠ ᠨᠢᠭᠡ ᠨᠣᠮᠧᠷ᠂ ᠡᠷᠡᠭᠦᠯ ᠮᠡᠨᠳᠦ ᠶᠢᠨ ᠨᠣᠮᠧᠷ ᠢ ᠬᠡᠷᠡᠭᠵᠢᠭᠦᠯᠦᠨ᠎ᠡ︔ ᠳᠥᠷᠪᠡ ᠳᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠬᠢᠨᠠᠯᠲᠠ ᠲᠠᠯᠪᠢᠯᠲᠠ ᠶᠢ ᠭᠦᠨᠵᠡᠭᠡᠶᠢᠷᠡᠭᠦᠯᠵᠦ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠬᠦᠷᠢᠶ᠎ᠡ ᠴᠠᠷᠠᠭ᠎ᠠ ᠶᠢᠨ ᠠᠵᠢᠯ ᠢ ᠪᠠᠶᠢᠴᠠᠭᠠᠨ ᠦᠵᠡᠵᠦ ᠪᠠᠶᠢᠴᠠᠭᠠᠨ ᠰᠤᠳᠤᠯᠬᠤ | ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮᠵᠢ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ᠂ ᠡᠮᠴᠢᠯᠡᠭᠡᠨ ᠤ ᠪᠠᠲᠤᠯᠠᠭ᠎ᠠ᠂ ᠡᠮᠴᠢᠯᠡᠭᠡ | ᠠᠷᠠᠴᠢᠯᠠᠯᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠡᠷᠭᠡ ᠠᠵᠢᠯ ᠤᠨ ᠤᠯᠠᠮ ᠨᠢᠭᠡ ᠠᠯᠬᠤᠮ ᠬᠥᠭᠵᠢᠬᠦ ᠶᠢ | ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠶᠢᠨ ᠦᠶᠯᠡᠳᠦᠯ ᠢ | ᠭᠦᠶᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠪᠠᠷ ᠴᠢᠩᠭᠠᠳᠬᠠᠵᠤ᠂ ᠬᠤᠶᠠᠷ ᠲᠠᠯ᠎ᠠ ᠪᠠᠷ | ᠰᠠᠭᠠᠲᠠᠭᠠᠬᠤ ᠦᠭᠡᠢ ᠪᠠᠶᠢᠬᠤ ᠶᠢ ᠲᠦᠯᠬᠢᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠬᠤᠤᠰ ᠢᠯᠠᠯᠲᠠ ᠶᠢ | ᠴᠢᠷᠮᠠᠶᠢᠨ ᠲᠡᠮᠡᠴᠡᠨ ᠣᠯᠬᠤ ᠬᠡᠷᠡᠭᠲᠡᠶ ᠭᠡᠵᠡᠢ᠃ |