ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠢᠶᠠᠩ ᠵᠢᠶᠠᠨ ᠪᠥᠸᠧ ᠴᠢᠮᠡᠭᠡᠯᠡᠭᠴᠢ | ᠼᠣᠣ ᠸᠧᠨ ᠵᠢᠤᠸᠠᠨ︶ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠭᠦᠯ ᠬᠤᠷᠢᠶᠠᠬᠤ ᠵᠢᠯ ᠪᠣᠯᠤᠨ᠎ᠠ᠂ | ᠬᠥᠬᠡᠬᠤᠲᠠ ᠶᠢᠨ ᠣᠷᠣᠶ ᠶᠢᠨ ᠰᠣᠨᠢᠨ ᠤ ᠰᠤᠷᠪᠤᠯᠵᠢᠯᠠᠭᠴᠢ ᠥᠴᠥᠭᠡᠳᠦᠷ ᠬᠤᠲᠠ ᠶᠢᠨ ᠶᠠᠳᠠᠭᠤ ᠶᠢ ᠲᠡᠳᠬᠦᠬᠦ | ᠠᠯᠪᠠᠨ ᠬᠡᠷ ᠠᠴᠠ ᠣᠶᠢᠯᠠᠭᠠᠭᠰᠠᠨ ᠢᠶᠠᠷ᠂ ︽ᠨᠡᠶᠢᠲᠡᠯᠢᠭ ᠵᠢᠱᠢᠶ᠎ᠡ ᠪᠠᠷ ᠵᠠᠮ ᠲᠠᠭᠠᠭᠤᠯᠵᠤ᠂ ᠦᠯᠢᠭᠡᠷ ᠵᠢᠱᠢᠶ᠎ᠡ ᠪᠠᠷ | ᠲᠠᠶᠢᠴᠢᠯᠠᠬᠤ︾ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ᠴᠢᠩ ᠱᠦᠶ ᠾᠧ ᠰᠢᠶᠠᠨ ᠤ | ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠦᠯᠢᠭᠡᠷ ᠵᠢᠱᠢᠶ᠎ᠡ︾ ᠰᠢᠶᠠᠨ ᠢ | ᠴᠤᠭᠴᠠᠯᠠᠨ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ ᠦᠴᠤᠸᠠᠨ ᠰᠢᠶᠠᠨ ᠤ ᠬᠤᠭᠤᠯᠠᠢ ᠠᠭᠤᠯᠠ ᠰᠢᠶᠠᠩ | ᠵᠡᠷᠭᠡ 15 ᠰᠢᠶᠠᠩ ᠪᠠᠯᠭᠠᠰᠤ ᠶᠢᠨ ︽ᠦᠯᠢᠭᠡᠷ ᠵᠢᠱᠢᠶ᠎ᠡ︾ ᠰᠢᠶᠠᠩ ᠪᠠᠯᠭᠠᠰᠤ ᠶᠢ ᠴᠤᠭᠴᠠᠯᠠᠨ ᠪᠠᠶᠢᠭᠤᠯᠬᠤ ᠶᠢ | ᠳᠡᠮᠵᠢᠵᠦ᠂ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ ᠶᠢᠨ ᠸᠠ ᠶᠣᠣ ᠲᠣᠰᠬᠤᠨ ᠵᠡᠷᠭᠡ 104 ᠵᠠᠰᠠᠭ | ᠵᠠᠬᠢᠷᠭᠠᠨ ᠤ ᠲᠣᠰᠬᠤᠨ ᠤ ︽ᠦᠯᠢᠭᠡᠷ ᠵᠢᠱᠢᠶ᠎ᠡ︾ ᠲᠣᠰᠬᠤᠨ ᠢ ᠴᠤᠭᠴᠠᠯᠠᠨ ᠪᠠᠶᠢᠭᠤᠯᠬᠤ ᠶᠢ ᠳᠡᠮᠵᠢᠵᠦ᠂ ᠡᠯ᠎ᠡ | ᠵᠦᠢᠯ ᠤᠨ ᠬᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ᠂ ᠪᠥᠬᠦ ᠲᠠᠯ᠎ᠠ ᠪᠠᠷ ᠪᠠᠲᠤᠲᠠᠢ᠂ | ᠡᠮᠦᠨ᠎ᠡ ᠨᠢ ᠬᠤᠰᠢᠭᠤᠷᠠᠬᠤ ᠶᠢ ᠦᠨᠡᠨ ᠬᠦ ᠪᠠᠳᠤᠯᠠᠬᠤ ᠪᠠᠷ ᠪᠤᠢ᠃ | ᠣᠶᠢᠯᠠᠭᠠᠭᠰᠠᠨ ᠢᠶᠠᠷ᠂ ︽ᠦᠯᠢᠭᠡᠷ ᠵᠢᠱᠢᠶ᠎ᠡ︾ ᠰᠢᠶᠠᠨ ᠪᠠᠯᠭᠠᠰᠤ ᠲᠤᠰᠬᠤᠨ ᠢ ᠴᠤᠭᠴᠠᠯᠠᠨ | ᠪᠠᠶᠢᠭᠤᠯᠬᠤ ᠳᠤ ︽ᠠᠷᠪᠠᠨ ᠵᠠᠭᠤᠨ ᠤ ᠵᠠᠭᠤ︾ ᠶᠢ ᠪᠡᠶᠡᠯᠡᠭᠦᠯᠦᠨ᠎ᠡ᠂ ᠲᠤᠬᠠᠶᠢᠯᠠᠪᠠᠯ᠄ ᠬᠤᠶᠠᠷ ᠲᠤ ᠵᠣᠪᠠᠭ᠋ᠤ | ᠥᠬᠡᠶ ᠭᠤᠷᠪᠠ ᠶᠢ ᠪᠠᠳᠤᠯᠠᠬᠤ ᠶᠢ 100% ᠪᠠᠷ ᠰᠢᠢᠳᠪᠦᠷᠢᠯᠡᠵᠦ᠂ ︽ᠠᠷᠪᠠᠨ ᠵᠦᠢᠯ ᠢ ᠴᠡᠪᠡᠷᠯᠡᠨ | ᠪᠠᠷᠢᠮᠵᠢᠶ᠎ᠠ ᠳᠤ ᠬᠦᠷᠭᠡᠬᠦ︾ ᠶᠢ 100% ᠪᠠᠷ ᠪᠡᠶᠡᠯᠡᠭᠦᠯᠵᠦ᠂ ᠠᠰᠠᠭᠤᠳᠠᠯ ᠢ 100% ᠪᠠᠷ ᠴᠡᠭᠴᠡᠯᠡᠨ | ᠰᠠᠶᠢᠵᠢᠷᠠᠭᠤᠯᠵᠤ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ 100% ᠪᠠᠷ | ᠨᠥᠬᠦᠪᠥᠷᠢᠯᠡᠵᠦ᠂ ᠦᠷᠬᠦᠯᠵᠢᠯᠡᠭᠦᠶᠢᠴᠡ ᠠᠵᠤ ᠦᠢᠯᠡᠰ ᠤᠨ ᠪᠦᠷᠬᠦᠴᠡ ᠶᠢ 100% ᠳᠤ ᠬᠦᠷᠭᠡᠵᠦ᠂ | ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ 100% ᠪᠠᠷ ᠪᠦᠷᠬᠦᠬᠦᠯᠵᠦ᠂ ᠬᠥᠳᠡᠭᠡ | ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠨᠦᠬᠦᠴᠡᠯ ᠤᠨ ᠵᠠᠰᠠᠨ ᠴᠡᠭᠴᠡᠯᠡᠯᠲᠡ ᠶᠢ100% ᠪᠠᠷ | ᠪᠦᠷᠬᠦᠭᠦᠯᠵᠦ᠂ ᠶᠠᠳᠠᠭᠤ ᠶᠢ ᠲᠡᠳᠬᠦᠬᠦ ᠶᠢ ᠡᠷᠦᠬᠡ ᠳᠤ ᠬᠦᠷᠦᠭᠦᠯᠬᠦ ᠠᠷᠭ᠎ᠠ ᠬᠡᠮᠵᠢᠶ᠎ᠡ ᠶᠢ 100% ᠳᠤ | ᠬᠦᠷᠦᠭᠦᠯᠵᠦ᠂ ︽ᠦᠯᠢᠭᠡᠷ ᠵᠢᠱᠢᠶ᠎ᠡ︾ ᠶᠢᠨ ᠳᠠᠭᠤᠷᠢᠶᠠᠨ ᠳᠡᠯᠭᠡᠷᠡᠭᠦᠯᠵᠦ ᠪᠣᠯᠬᠤᠶᠢᠴᠠ ᠨᠣᠷᠮ᠎ᠠ ᠶᠢᠨ 100% ᠳᠤ | ᠬᠦᠷᠦᠭᠦᠯᠵᠦ᠂ ᠬᠠᠮᠤᠭ ᠤᠨ ᠡᠴᠦᠰ ᠲᠤ ︽ᠰᠠᠭᠤᠷᠢ ᠲᠤᠭ᠎ᠠ ᠨᠢ ᠲᠣᠳᠣᠷᠬᠠᠶ᠂ ᠲᠥᠷᠥ ᠶᠢᠨ ᠪᠣᠳᠣᠯᠭ᠎ᠠ ᠨᠢ | ᠲᠣᠳᠣᠷᠬᠠᠶ᠂ ᠬᠠᠷᠠᠯᠲᠠ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ︾ ᠪᠠᠶᠢᠬᠤ ᠶᠢ 100% ᠳᠤ | ᠬᠦᠷᠦᠭᠦᠯᠦᠨ᠎ᠡ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠷᠥᠯ ᠵᠦᠢᠯ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠳᠠᠭᠠᠳᠬᠠᠯ ᠢᠶᠠᠷ ᠬᠠᠪᠰᠤᠷᠤᠨ ᠠᠬᠢᠭᠤᠯᠬᠤ ᠵᠡᠷᠭᠡ ᠲᠠᠯ᠎ᠠ ᠪᠠᠷ | ᠳᠡᠮᠵᠢᠯᠭᠡ ᠦᠵᠡᠭᠦᠯᠵᠦ᠂ ᠨᠡᠶᠢᠲᠡᠯᠢᠭ ︽ᠦᠯᠢᠭᠡᠷ ᠵᠢᠱᠢᠶ᠎ᠡ︾ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ | ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | ︽ᠦᠯᠢᠭᠡᠷ ᠵᠢᠱᠢᠶ᠎ᠡ︾ ᠶᠢ ᠴᠤᠭᠴᠠᠯᠠᠨ ᠪᠠᠶᠢᠭᠤᠯᠬᠤ ᠠᠵᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦᠨ ᠢ ᠪᠡᠶᠡᠯᠡᠭᠦᠯᠬᠦ ᠪᠣᠯᠤᠨ᠎ᠠ᠃ 5 ᠳ᠋ᠤᠭᠠᠷ ᠰᠠᠷ᠎ᠠ ᠠᠴᠠ ᠡᠬᠢᠯᠡᠨ᠂ ᠬᠤᠲᠠ ᠶᠢᠨ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠴᠢᠩ ᠱᠦᠶ ᠾᠧ ᠰᠢᠶᠠᠨ ᠠᠴᠠ | ᠡᠬᠢᠯᠡᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ︽ | ᠦᠯᠢᠭᠡᠷ ᠵᠢᠱᠢᠶ᠎ᠡ︾ ᠶᠢ ᠡᠭᠦᠳᠦᠨ ᠪᠠᠶᠢᠭᠤᠯᠬᠤ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠢ | ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠵᠦ᠂ ᠲᠥᠪᠯᠡᠷᠡᠭᠦᠯᠦᠨ ᠰᠤᠷᠤᠯᠴᠠᠵᠤ ᠰᠤᠳᠤᠯᠤᠨ | ᠶᠠᠷᠢᠯᠴᠠᠬᠤ ᠪᠠᠷ ᠳᠠᠮᠵᠢᠭᠤᠯᠤᠨ ᠡᠯ᠎ᠡ ᠬᠤᠰᠢᠭᠤ ᠰᠢᠶᠠᠨ ᠲᠤᠭᠤᠷᠢᠭ ᠰᠢᠶᠠᠩ ᠪᠠᠯᠭᠠᠰᠤ ᠲᠣᠰᠬᠤᠨ ᠤ ᠬᠠᠷᠢᠴᠠᠭᠤᠯᠤᠯ | ᠬᠢᠵᠦ᠂ ᠲᠠᠭᠤᠷᠢᠶᠠᠵᠤ ᠦᠭᠡᠷᠡᠴᠢᠯᠡᠬᠦ ᠶᠢ ᠨᠢ ᠲᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠬᠠᠷᠢᠴᠠᠭᠤᠯᠬᠤ ᠰᠤᠷᠤᠯᠴᠠᠬᠤ ᠬᠦᠭᠡᠭᠡᠵᠦ ᠬᠦᠢᠴᠡᠬᠦ ᠳᠠᠪᠠᠵᠤ ᠭᠠᠷᠬᠤ ᠰᠠᠶᠢᠨ ᠰᠠᠶᠢᠬᠠᠨ ᠠᠭᠤᠷ | ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠪᠣᠯᠤᠨ᠎ᠠ᠃ | |